︵ᠳᠠᠳᠤᠯᠭ᠎ᠠ ᠶᠢᠨ ᠰᠤᠷᠪᠤᠯᠵᠢᠯᠠᠭᠴᠢ ᠰᠢᠩ ᠷᠦᠢ ᠵᠢᠩ ᠬᠤᠤ ᠰᠢᠦᠢ ᠵᠢᠶᠧ︶ 4 ᠳ᠋ᠦ᠋ᠭᠡᠷ ᠰᠠᠷ᠎ᠠ ᠶᠢᠨ | 20 ᠤ ᠡᠳᠦᠷ᠂ ᠮᠠᠨ ᠤ ᠬᠤᠳᠠ ︽ᠤᠮᠠᠷᠠᠲᠤ ᠬᠢᠯᠢ ᠲᠠᠢ ᠤᠩᠰᠢᠨ ᠠᠭᠤᠯᠵᠠᠶ᠎ᠠ︾ 2024 ᠣᠨ ᠤ ᠲᠠᠷᠢᠶᠠᠴᠢᠨ | ᠠᠶᠢᠯ ᠤᠨ ᠨᠣᠮ ᠤᠨ ᠦᠷᠦᠭᠡ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠤᠪᠢᠶᠠᠯᠴᠠᠬᠤ ᠬᠤᠷᠠᠯ ᠵᠢᠴᠢ | ᠲᠠᠷᠢᠶᠠᠴᠢᠨ ᠠᠶᠢᠯ ᠤᠨ ᠨᠣᠮ ᠤᠨ ᠦᠷᠦᠭᠡ ᠶᠢᠨ ᠬᠠᠮᠢᠶᠠᠷᠤᠭᠴᠢ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ | ᠪᠠᠶᠢᠭᠤᠯᠤᠨ ᠡᠷᠬᠢᠯᠡᠵᠦ᠂ 2023 ︱ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠦᠬᠦ ᠠᠷᠠᠳ ᠢᠶᠠᠷ ᠢᠶᠠᠨ ᠤᠩᠰᠢᠬᠤ ᠬᠥᠳᠡᠭᠡ ᠲᠣᠰᠬᠤᠨ ᠤ ᠰᠢᠯᠢᠳᠡᠭ ᠤᠩᠰᠢᠯᠭ᠎ᠠ ᠳᠡᠯᠭᠡᠷᠡᠭᠦᠯᠦᠭᠴᠢ ᠶᠢ ᠤᠷᠢᠵᠤ | ᠲᠤᠷᠰᠢᠯᠭ᠎ᠠ ᠪᠠᠨ ᠬᠤᠪᠢᠶᠠᠯᠴᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠲᠤᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠳ᠋ᠠ ᠶᠠᠩ | ᠴᠠᠩ ᠲᠣᠰᠬᠤᠨ ᠤ ᠵᠠᠩ ᠬᠠᠢ ᠯᠦᠩ ᠵᠡᠷᠭᠡ 6 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 | ᠣᠨ ᠤ ᠬᠥᠳᠡᠭᠡ ᠲᠣᠰᠬᠤᠨ ᠤ ᠤᠩᠰᠢᠯᠭ᠎ᠠ ᠳᠡᠯᠭᠡᠷᠡᠭᠦᠯᠦᠭᠴᠢ ᠠᠴᠠ ᠡᠯ᠎ᠡ ᠬᠤᠰᠢᠭᠤ ᠰᠢᠶᠠᠨ ᠲᠣᠭᠤᠷᠢᠭ ᠤᠨ | ᠲᠠᠷᠢᠶᠠᠴᠢᠨ ᠠᠶᠢᠯ ᠤᠨ ᠨᠣᠮ ᠤᠨ ᠥᠷᠥᠭᠡ ᠶᠢᠨ ᠬᠠᠮᠢᠶᠠᠷᠤᠭᠴᠢ ᠳᠤ ᠠᠵᠢᠯ ᠢᠶᠠᠨ ᠰᠤᠯᠢᠯᠴᠠᠨ ᠬᠤᠪᠢᠶᠠᠯᠴᠠᠵᠤ᠂ | ᠥᠪᠡᠷ ᠤᠨ ᠠᠵᠢᠯᠯᠠᠭᠰᠠᠨ ᠣᠶᠢᠯᠠᠭᠠᠯᠲᠠ ᠪᠠ ᠦᠢᠯᠡᠳᠦᠯᠭᠡ ᠶᠢᠨ ᠲᠤᠷᠰᠢᠯᠭ᠎ᠠ ᠪᠠᠷ ᠢᠶᠠᠨ ᠥᠷᠭᠡᠨ ᠤᠯᠠᠨ | ᠬᠠᠮᠢᠶᠠᠷᠤᠭᠴᠢ ᠳᠤ ᠠᠮᠢᠳᠤᠯᠢᠭ ᠦᠵᠡᠭᠦᠯᠦᠯᠭᠡ ᠶᠢᠨ ᠬᠢᠴᠢᠶᠡᠯ ᠣᠷᠣᠵᠤ᠂ ᠲᠡᠳᠡᠨ ᠤ ᠵᠠᠷᠢᠮ ᠨᠢ ᠲᠠᠷᠢᠶᠠᠴᠢᠨ | ᠠᠶᠢᠯ ᠤᠨ ᠨᠣᠮ ᠤᠨ ᠦᠷᠦᠭᠡ ᠶᠢᠨ ᠬᠠᠮᠢᠶᠠᠷᠤᠯᠲᠠ ᠦᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠬᠦ ᠶᠢᠨ ᠬᠠᠮᠲᠤ | ᠵᠣᠷᠢᠭᠲᠠᠢ ᠪᠠᠷ ᠰᠢᠨ᠎ᠡ ᠶᠢ ᠡᠭᠦᠳᠴᠦ᠂ ᠵᠠᠷᠢᠮ ᠨᠢ ᠲᠠᠷᠢᠶᠠᠴᠢᠨ ᠠᠶᠢᠯ ᠤᠨ ᠨᠣᠮ ᠤᠨ ᠦᠷᠦᠭᠡ ᠶᠢᠨ | ᠦᠢᠯᠡᠴᠢᠯᠡᠭᠡᠨ ᠤ ᠴᠢᠳᠠᠪᠬᠢ ᠶᠢ ᠥᠷᠭᠡᠳᠬᠡᠵᠦ᠂ ᠵᠠᠷᠢᠮ ᠨᠢ ᠪᠠᠭᠤᠷᠠᠶᠢᠴᠤᠤᠯ ᠤᠨ ᠨᠣᠮ ᠤᠩᠰᠢᠬᠤ ᠶᠢ | ᠣᠨᠴᠠᠭᠠᠶᠢᠯᠠᠨ ᠠᠩᠬᠠᠷᠴᠤ᠂ ᠲᠠᠷᠢᠶᠠᠴᠢᠨ ᠠᠶᠢᠯ ᠤᠨ ᠨᠣᠮ ᠤᠨ ᠦᠷᠦᠭᠡ ᠶᠢ ᠭᠡᠷ ᠲᠡᠭᠡᠨ ᠬᠤᠴᠣᠷᠤᠭᠰᠠᠨ ᠨᠠᠰᠤᠲᠠᠨ | ᠪᠠ ᠭᠡᠷ ᠲᠡᠭᠡᠨ ᠬᠤᠴᠣᠷᠤᠭᠰᠠᠨ ᠬᠡᠦᠬᠡᠳ ᠲᠤ ᠦᠢᠯᠡᠴᠢᠯᠡᠬᠦ ᠬᠠᠯᠠᠭᠤᠨ ᠳᠤᠯᠠᠭᠠᠨ ᠭᠡᠷ ᠪᠦᠯᠢ ᠪᠣᠯᠭᠠᠪᠠ᠃ | ᠪᠣᠯᠪᠠᠰᠤᠷᠠᠯ ᠳᠤ ᠣᠷᠣᠯᠴᠠᠭᠰᠠᠨ ᠬᠠᠮᠢᠶᠠᠷᠤᠯᠲᠠ ᠶᠢᠨ ᠠᠵᠢᠯᠲᠠᠳ᠂ ᠡᠲᠡᠭᠡᠷ ᠰᠢᠯᠢᠳᠡᠭ ᠬᠥᠳᠡᠭᠡ ᠲᠣᠰᠬᠤᠨ ᠤ | ᠤᠩᠰᠢᠯᠭ᠎ᠠ ᠳᠡᠯᠭᠡᠷᠡᠭᠦᠯᠦᠯᠲᠡ ᠪᠠᠷ ᠳᠠᠭᠤᠷᠢᠶᠠᠯ ᠪᠣᠯᠭᠠᠵᠤ᠂ ᠲᠡᠳᠡᠨ ᠤ ᠠᠵᠢᠯ ᠤᠨ ᠲᠤᠷᠰᠢᠯᠭ᠎ᠠ ᠪᠠᠷ ᠲᠣᠯᠢ ᠪᠣᠯᠭᠠᠵᠤ | ᠂ ᠥᠪᠡᠷ ᠤᠨ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠦ | ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠵᠡᠭᠡᠪᠡ᠃ |