︽ᠯᠢᠶᠠᠨ ᠰᠢᠶᠠᠩ ᠰᠢᠨᠵᠢᠯᠡᠬᠦ ᠤᠬᠠᠭᠠᠨ ᠤ ᠬᠢᠴᠢᠶᠡᠯ︾ ᠡᠬᠢᠯᠡᠯ᠎ᠡ︕ ᠴᠢᠩ ᠱᠦᠢ ᠾᠧ ᠰᠢᠶᠠᠨ ᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠳᠤ ᠡᠨᠧᠷᠭᠢ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/24
     2021 ᠣᠨ ᠤ 12 ᠳ᠋ᠤᠭᠠᠷ ᠰᠠᠷ᠎ᠠ ᠳᠤ᠂ ᠪᠡᠭᠡᠵᠢᠩ ᠤᠨ ᠯᠢᠶᠠᠨ ᠰᠢᠶᠠᠩ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠠᠮᠲᠤᠷᠠᠭᠰᠠᠨ ᠰᠡᠳᠬᠢᠯᠭᠡ ᠶᠢᠨ ᠰᠠᠯᠪᠤᠷᠢ ᠶᠢᠨ ᠶᠤᠸᠠᠨ ᠱᠠᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠬᠥᠬᠡᠬᠤᠲᠠ ᠳᠤ ︽ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠤ ᠬᠢᠴᠢᠶᠡᠯ ᠤᠨ ᠬᠥᠭᠵᠢᠯᠲᠡ ᠶᠢᠨ ᠪᠠᠶᠢᠴᠠᠭᠠᠨ ᠰᠤᠳᠤᠯᠤᠯᠲᠠ︾ ᠥᠷᠨᠢᠭᠦᠯᠵᠦ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ 2022 ᠣᠨ ᠤ 3 ᠰᠠᠷ᠎ᠠ ᠳᠤ ︽ᠯᠢᠶᠠᠨ ᠰᠢᠶᠠᠩ ᠰᠢᠨᠵᠢᠯᠡᠬᠦ ᠤᠬᠠᠭᠠᠨ ᠤ ᠬᠢᠴᠢᠶᠡᠯ︾ ᠤᠨ ᠲᠥᠷᠥᠯ ᠵᠦᠢᠯ ᠢ ᠡᠬᠢᠯᠡᠭᠦᠯᠵᠦ᠂ ᠬᠥᠬᠡᠬᠤᠲᠠ ᠶᠢᠨ 5 ᠬᠤᠰᠢᠭᠤ ᠰᠢᠶᠠᠨ᠂ 15 ᠰᠤᠷᠭᠠᠭᠤᠯᠢ᠂ 24 ᠠᠩᠭᠢ᠂ ᠮᠢᠩᠭ᠎ᠠ ᠰᠢᠬᠠᠮ ᠰᠣᠷᠣᠭᠴᠢ ᠶᠢ ᠬᠠᠮᠤᠷᠪᠠ᠃
     ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ ᠶᠢᠨ ᠦᠰᠦᠨ ᠪᠤᠶᠢᠵᠢᠯᠲᠠ ᠶᠢ ᠬᠠᠪᠰᠤᠷᠤᠨ᠂ ᠲᠤᠬᠠᠢ ᠶᠢᠨ ᠭᠠᠵᠠᠷ ᠤᠨ ᠰᠢᠨᠵᠢᠯᠡᠬᠦ ᠤᠬᠠᠭᠠᠨ ᠤ ᠪᠠᠭᠰᠢ ᠶᠢᠨ ᠬᠢᠴᠢᠶᠡᠯᠯᠡᠬᠦ ᠴᠢᠳᠠᠪᠤᠷᠢ ᠶᠢ ᠬᠥᠮᠥᠵᠢᠭᠦᠯᠵᠦ᠂ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 22 ᠤᠨ ᠡᠳᠦᠷ᠂ ︽ᠯᠢᠶᠠᠨ ᠰᠢᠶᠠᠩ ᠰᠢᠨᠵᠢᠯᠡᠬᠦ ᠤᠬᠠᠭᠠᠨ ᠤ ᠬᠢᠴᠢᠶᠡᠯ︾ ᠤᠨ ᠲᠥᠷᠥᠯ ᠵᠦᠢᠯ ᠤᠨ ᠪᠠᠭᠰᠢ ᠶᠢᠨ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠤᠨ ᠠᠵᠢᠯᠯᠠᠭ᠎ᠠ ᠴᠢᠩ ᠱᠦᠢ ᠾᠧ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃
     ᠪᠣᠯᠪᠠᠰᠤᠷᠠᠭᠤᠯᠤᠯ ᠢ ᠣᠳᠣᠬᠠᠨ ᠤ ᠰᠤᠷᠭᠠᠨ ᠬᠥᠮᠦᠵᠢᠯ ᠤᠨ ᠬᠡᠯᠪᠡᠷᠢ ᠲᠠᠢ ᠤᠶᠠᠯᠳᠤᠭᠤᠯᠤᠨ ᠲᠣᠰ ᠤᠳᠠᠭᠠᠨ ᠤ ᠪᠣᠯᠪᠠᠰᠤᠷᠠᠭᠤᠯᠤᠯ ᠤᠨ ᠴᠢᠬᠤᠯᠠ ᠴᠢᠨᠠᠷ ᠢ ᠴᠢᠬᠤᠯᠠᠴᠢᠯᠠᠬᠤ ᠶᠢᠨ ᠬᠠᠮᠲᠤ ᠣᠳᠣᠬᠠᠨ ᠤ ᠰᠢᠨᠵᠢᠯᠡᠬᠦ ᠤᠬᠠᠭᠠᠨ ᠤ ᠪᠠᠭᠰᠢ ᠶᠢᠨ ᠡᠭᠦᠷᠭᠡᠯᠡᠵᠦ ᠪᠠᠶᠢᠭ᠎ᠠ ᠴᠢᠬᠤᠯᠠ ᠡᠭᠦᠷᠭᠡ ᠶᠢ ᠵᠢᠭᠠᠨ ᠭᠠᠷᠭᠠᠵᠤ᠂ ᠵᠢᠭᠠᠨ ᠰᠤᠷᠭᠠᠯᠲᠠ ᠶᠢᠨ ᠰᠤᠳᠤᠯᠭᠠᠨ ᠢ ᠰᠤᠷᠤᠭᠴᠢᠳ ᠤᠨ ᠦᠰᠦᠨ ᠪᠤᠶᠢᠵᠢᠯᠲᠠ ᠪᠠ ᠰᠤᠷᠭᠠᠭᠤᠯᠢ ᠶᠢᠨ ᠬᠥᠭᠵᠢᠯᠲᠡ ᠲᠠᠢ ᠤᠶᠠᠯᠳᠤᠭᠤᠯᠵᠤ᠂ ᠦᠢᠯᠡᠳᠦᠯᠭᠡ ᠶᠢᠨ ᠰᠤᠳᠤᠯᠭᠠᠨ ᠳᠤ ᠲᠦᠰᠢᠭᠯᠡᠨ ᠠᠰᠠᠭᠤᠳᠠᠯ ᠤᠨ ᠰᠢᠨ᠎ᠡ ᠠᠷᠭ᠎ᠠ ᠵᠠᠮ ᠶᠢ ᠡᠷᠢᠨ ᠣᠯᠵᠤ᠂ ᠲᠣᠰ ᠪᠡᠶ᠎ᠡ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ ᠢ ᠠᠬᠢᠭᠤᠯᠤᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠣᠯᠠᠨ ᠢ ᠵᠣᠷᠢᠭᠵᠢᠭᠤᠯᠪᠠ᠃
     ᠪᠣᠯᠪᠠᠰᠤᠷᠠᠯ ᠤᠨ ᠬᠤᠷᠠᠯ ᠳᠡᠭᠡᠷ᠎ᠡ᠂ ᠯᠧᠺᠲ᠋ᠣᠷ︽ᠬᠢᠴᠢᠶᠡᠯ ᠤᠨ ᠲᠠᠩᠬᠢᠮ ᠤᠨ ᠬᠠᠮᠲᠤ ᠶᠢᠨ ᠰᠤᠳᠤᠯᠤᠨ ᠶᠠᠷᠢᠯᠴᠠᠬᠤ ᠪᠦᠲᠦᠮᠵᠢᠲᠦ ᠴᠢᠨᠠᠷ ᠤᠨ ᠠᠵᠢᠭᠯᠠᠯᠲᠠ ᠶᠢᠨ ᠮᠡᠷᠭᠡᠵᠢᠯ ᠤᠨ ᠵᠠᠳᠠᠯᠤᠯᠲᠠ︾ ᠶᠢᠨ ᠲᠣᠭᠤᠷᠢᠨ ᠳᠤ ᠪᠠᠭᠰᠢ ᠨᠠᠷ ᠲᠤ ᠨᠡᠩ ᠤᠯᠠᠨ ᠤᠨᠤᠯ ᠤᠨ ᠮᠡᠳᠡᠯᠭᠡ ᠶᠢ ᠲᠦᠭᠡᠮᠡᠯᠵᠢᠭᠦᠯᠵᠦ᠂ ᠲᠠᠶᠢᠯᠪᠤᠷᠢᠯᠠᠯᠲᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ᠂ ᠵᠢᠷᠤᠭ ᠪᠢᠴᠢᠭ ᠢ ᠬᠤᠣᠰᠯᠠᠭᠤᠯᠵᠤ᠂ ᠪᠣᠯᠪᠠᠰᠤᠷᠠᠯ ᠳᠤ ᠣᠷᠣᠯᠴᠠᠭᠰᠠᠨ ᠪᠠᠭᠰᠢ ᠨᠠᠷ ᠲᠤ ᠵᠢᠭᠠᠨ ᠰᠤᠷᠭᠠᠯᠲᠠ ᠶᠢᠨ ᠠᠵᠢᠯ ᠤᠨ ᠲᠤᠬᠠᠢ ᠤᠯᠠᠮ ᠨᠢᠭᠡ ᠠᠯᠬᠤᠮ ᠤᠨ ᠲᠠᠨᠢᠯᠲᠠ ᠪᠠ ᠣᠶᠢᠯᠠᠭᠠᠯᠲᠠ ᠲᠠᠢ ᠪᠣᠯᠭᠠᠵᠤ᠂ ᠪᠠᠭᠰᠢ ᠨᠠᠷ ᠤᠨ ᠬᠤᠶᠢᠰᠢᠳᠠ ᠶᠢᠨ ᠵᠢᠭᠠᠨ ᠰᠤᠷᠭᠠᠯᠲᠠ ᠶᠢᠨ ᠦᠢᠯᠡᠳᠦᠯᠭᠡ ᠳᠤ ᠴᠢᠭᠯᠡᠯ ᠢ ᠵᠢᠭᠠᠵᠤ ᠥᠭᠴᠡᠢ᠃      ᠳᠠᠷᠠᠭ᠎ᠠ ᠪᠠᠷ ᠨᠢ ᠲᠤᠷᠰᠢᠯᠲᠠ ᠶᠢᠨ ᠬᠢᠴᠢᠶᠡᠯ ᠤᠨ ᠭᠡᠷ ᠲᠤ ᠥᠷᠨᠢᠭᠦᠯᠦᠭᠰᠡᠨ ᠰᠢᠨᠵᠢᠯᠡᠬᠦ ᠤᠬᠠᠭᠠᠨ ᠤ ᠬᠢᠴᠢᠶᠡᠯ ᠳᠡᠭᠡᠷ᠎ᠡ᠂ ᠬᠢᠴᠢᠶᠡᠯᠯᠡᠵᠦ ᠪᠠᠶᠢᠭ᠎ᠠ ᠪᠠᠭᠰᠢ ᠮᠡᠳᠡᠯᠭᠡ ᠶᠢ ᠣᠷᠣᠭᠤᠯᠬᠤ᠂ ᠳᠤᠭᠤᠶᠢᠯᠠᠩ ᠬᠤᠪᠢᠶᠠᠨ ᠠᠵᠢᠭᠯᠠᠬᠤ᠂ ᠳᠤᠭᠤᠶᠢᠯᠠᠩ ᠢᠶᠠᠷ ᠬᠠᠷᠢᠭᠤ ᠮᠡᠳᠡᠭᠦᠯᠬᠦ ᠵᠡᠷᠭᠡ ᠬᠡᠯᠪᠡᠷᠢ ᠪᠠᠷ ᠰᠤᠷᠤᠭᠴᠢᠳ ᠢ ᠬᠥᠲᠥᠯᠥᠨ ᠵᠢᠯᠤᠭᠤᠳᠴᠤ ᠰᠢᠨᠵᠢᠯᠡᠬᠦ ᠤᠬᠠᠭᠠᠨ ᠤ ᠠᠰᠠᠭᠤᠳᠠᠯ ᠢ ᠠᠵᠢᠭᠯᠠᠭᠤᠯᠤᠨ ᠰᠡᠳᠬᠢᠭᠦᠯᠪᠡ᠃ ᠪᠤᠰᠤᠳ ᠪᠣᠯᠪᠠᠰᠤᠷᠠᠯ ᠳᠤ ᠣᠷᠣᠯᠴᠠᠭᠰᠠᠨ ᠪᠠᠭᠰᠢ ᠨᠠᠷ ᠳᠤᠭᠤᠶᠢᠯᠠᠩ ᠬᠤᠪᠢᠶᠠᠨ ᠬᠢᠴᠢᠶᠡᠯ ᠰᠣᠨᠣᠰᠴᠤ᠂ ᠵᠢᠭᠠᠨ ᠰᠤᠷᠭᠠᠯᠲᠠ ᠶᠢᠨ ᠦᠵᠡᠯᠲᠡ᠂ ᠰᠢᠨᠵᠢᠯᠡᠬᠦ ᠤᠬᠠᠭᠠᠨᠴᠢ ᠰᠡᠳᠬᠢᠬᠦᠢ ᠵᠡᠷᠭᠡ ᠣᠯᠠᠨ ᠲᠠᠯ᠎ᠠ ᠪᠠᠷ ᠳᠡᠮᠵᠢᠨ ᠲᠡᠮᠳᠡᠭᠯᠡᠯ ᠬᠢᠵᠦ ᠬᠠᠷᠢᠭᠤ ᠲᠤᠰᠬᠠᠪᠠ᠃      ᠣᠶᠢᠯᠠᠭᠠᠭᠰᠠᠨ ᠢᠶᠠᠷ᠂ ᠯᠢᠶᠠᠨ ᠰᠢᠶᠠᠩ ᠰᠢᠨᠵᠢᠯᠡᠬᠦ ᠤᠬᠠᠭᠠᠨ ᠤ ᠬᠢᠴᠢᠶᠡᠯ ᠤᠨ ᠲᠥᠷᠥᠯ ᠵᠦᠢᠯ ᠪᠣᠯ ᠣᠲᠣ ᠶᠢᠨ ᠪᠠᠶᠢᠭ᠎ᠠ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠤ ᠬᠢᠴᠢᠶᠡᠯ ᠤᠨ ᠣᠳᠣᠬᠢ ᠪᠠᠶᠢᠳᠠᠯ ᠵᠢᠴᠢ ᠠᠰᠠᠭᠤᠳᠠᠯ ᠳᠤ ᠴᠢᠭᠯᠡᠭᠦᠯᠦᠨ᠂ ᠬᠥᠳᠡᠭᠡ ᠲᠣᠰᠬᠤᠨ ᠤ ᠰᠣᠷᠣᠭᠴᠢ ᠶᠢᠨ ᠣᠨᠴᠠᠯᠢᠭ ᠢ ᠦᠨᠳᠦᠰᠦᠯᠡᠨ ᠵᠢᠭᠠᠨ ᠰᠤᠷᠭᠠᠯᠲᠠ ᠶᠢᠨ ᠠᠭᠤᠯᠭ᠎ᠠ ᠶᠢ ᠲᠣᠭᠲᠠᠭᠠᠨ ᠨᠡᠭᠡᠭᠡᠨ ᠬᠥᠭᠵᠢᠭᠦᠯᠵᠦ᠂ ᠪᠦᠷᠢᠨ ᠪᠦᠲᠦᠨ ᠵᠢᠭᠠᠨ ᠰᠤᠳᠤᠯᠬᠤ ᠡᠬᠢ ᠪᠠᠶᠠᠯᠢᠭ ᠢ ᠬᠠᠩᠭᠠᠨ᠎ᠠ︔ ᠰᠤᠷᠤᠭᠴᠢᠳ ᠲᠤ ᠬᠢᠴᠢᠶᠡᠯ ᠤᠨ ᠠᠭᠤᠯᠭ᠎ᠠ ᠲᠠᠢ ᠢᠵᠢ ᠪᠦᠷᠢᠳᠦᠭᠰᠡᠨ ᠬᠠᠲᠠᠭᠤ ᠬᠡᠷᠡᠭᠰᠡᠯ ᠪᠠ ᠲᠤᠷᠰᠢᠯᠲᠠ ᠶᠢᠨ ᠪᠠᠭᠠᠵᠢ ᠬᠡᠷᠡᠭᠰᠡᠯ ᠢ ᠬᠠᠩᠭᠠᠨ᠎ᠠ︔ ᠠᠯᠤᠰ ᠠᠴᠠ ᠵᠢᠭᠠᠨ ᠰᠤᠷᠭᠠᠬᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ︽ᠬᠤᠣᠰ ᠪᠠᠭᠰᠢ ᠶᠢᠨ ᠰᠢᠭᠤᠳ ᠨᠡᠪᠲᠡᠷᠡᠭᠦᠯᠬᠦ ᠬᠢᠴᠢᠶᠡᠯ︾ ᠢᠶᠠᠷ ᠳᠠᠮᠵᠢᠭᠤᠯᠤᠨ ᠬᠥᠳᠡᠭᠡ ᠲᠣᠰᠬᠤᠨ ᠤ ᠰᠤᠷᠭᠠᠭᠤᠯᠢ ᠳᠤ ᠰᠢᠯᠢᠳᠡᠭ ᠰᠢᠨᠵᠢᠯᠡᠬᠦ ᠤᠬᠠᠭᠠᠨ ᠤ ᠬᠢᠴᠢᠶᠡᠯ ᠤᠨ ᠠᠭᠤᠯᠭ᠎ᠠ ᠶᠢ ᠬᠦᠷᠭᠡᠨ᠎ᠡ᠃ ᠡᠳᠦᠭᠡ ᠪᠣᠯᠲᠠᠯ᠎ᠠ᠂ ᠲᠦᠷᠦᠯ ᠵᠦᠢᠯ  ᠢ 3 ᠵᠢᠯ ᠦᠷᠭᠦᠯᠵᠢᠯᠡᠨ ᠥᠷᠨᠢᠭᠦᠯᠵᠡᠢ᠃ ᠣᠳᠣᠬᠠᠨ ᠳᠤ᠂ ᠨᠢᠭᠡᠨᠲᠡ 4 ᠬᠤᠭᠤᠴᠠᠭᠠᠨ ᠤ ᠲᠠᠰ ᠳᠡᠪᠰᠢᠬᠦ ᠬᠡᠯᠪᠡᠷᠢ ᠶᠢᠨ ᠪᠠᠭᠰᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠲᠤᠬᠠᠢ ᠶᠢᠨ ᠭᠠᠵᠠᠷ ᠲᠤ ᠪᠠᠶᠢᠭ᠎ᠠ ᠪᠠᠭᠰᠢ ᠶᠢ 90 ᠬᠥᠮᠥᠨ ᠤᠳᠠᠭ᠎ᠠ ᠬᠥᠮᠥᠵᠢᠭᠦᠯᠵᠦ᠂ ᠪᠠᠭᠰᠢ ᠶᠢᠨ ᠬᠢᠴᠢᠶᠡᠯ ᠤᠷᠤᠯᠳᠤᠬᠤ ᠠᠵᠢᠯᠯᠠᠭ᠎ᠠ ᠶᠢ 1 ᠤᠳᠠᠭ᠎ᠠ ᠥᠷᠨᠢᠭᠦᠯᠵᠦ᠂ ᠰᠣᠷᠣᠭᠴᠢ ᠶᠢᠨ ᠡᠭᠦᠳᠦᠨ ᠪᠦᠲᠦᠭᠡᠭᠴᠢ ᠶᠢᠨ ᠠᠵᠢᠯᠯᠠᠭ᠎ᠠ ᠶᠢ 1 ᠤᠳᠠᠭ᠎ᠠ ᠥᠷᠨᠢᠭᠦᠯᠪᠡ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠪᠣᠯᠪᠠᠰᠤᠷᠠᠭᠤᠯᠤᠯ ᠳᠤ ᠣᠷᠣᠯᠴᠠᠭᠰᠠᠨ ᠪᠠᠭᠰᠢ ᠨᠠᠷ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠠᠨᠢᠯᠲᠠ ᠪᠠ ᠰᠢᠨᠵᠢᠯᠡᠬᠦ ᠤᠬᠠᠭᠠᠨ ᠤ ᠲᠤᠷᠰᠢᠯᠲᠠ ᠶᠢᠨ ᠠᠵᠢᠯᠯᠠᠭᠠᠨ ᠤ ᠴᠢᠳᠠᠪᠤᠷᠢ ᠶᠢᠨ ᠲᠠᠯ᠎ᠠ ᠪᠠᠷ ᠴᠥᠮ ᠤᠯᠠᠮ ᠨᠢᠭᠡ ᠠᠯᠬᠤᠮ ᠲᠠᠨᠢᠯᠲᠠ ᠪᠠ ᠳᠡᠭᠡᠭᠰᠢᠯᠡᠯᠲᠡ ᠲᠠᠢ ᠪᠣᠯᠵᠤ ᠂ ᠬᠤᠵᠢᠮ ᠤᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠳᠤ ᠮᠠᠰᠢ ᠶᠡᠭᠡ ᠠᠬᠢᠭᠤᠯᠬᠤ ᠦᠢᠯᠡᠳᠦᠯ ᠦᠵᠡᠭᠦᠯᠦᠭᠰᠡᠨ ᠪᠥᠭᠡᠳ ᠮᠠᠨ ᠤ ᠰᠢᠶᠠᠨ ᠤ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠦ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1