ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 140 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/24
     4 ᠳ᠋ᠦ᠋ᠭᠡᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 140 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠴᠢᠬᠤᠯᠠ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠭᠰᠠᠨ ᠨᠢᠭᠡ ᠪᠦᠯᠦᠭ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠢᠨᠵᠧᠨᠧᠷᠢᠩ ᠢ ᠶᠡᠭᠡ ᠪᠠᠷ ᠬᠡᠷᠡᠭᠵᠢᠭᠦᠯᠬᠦ ᠬᠡᠷᠡᠭᠲᠡᠢ᠃ ᠴᠢᠩ ᠱᠦᠢ ᠾᠧ ᠰᠢᠶᠠᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠠᠵᠢᠯᠯᠠᠭᠠᠨ ᠢ ᠪᠦᠬᠦ ᠬᠦᠴᠦᠨ ᠢᠶᠠᠷ ᠠᠬᠢᠭᠤᠯᠵᠤ᠂ ᠤᠯᠠᠨ ᠰᠠᠯᠠᠭ᠎ᠠ ᠮᠥᠴᠢᠷ ᠤᠨ ᠡᠬᠢ ᠪᠠᠶᠠᠯᠢᠭ ᠤᠨ ᠬᠦᠴᠦᠨ ᠢ ᠨᠡᠶᠢᠳᠬᠡᠵᠦ᠂︽ᠨᠢᠭᠡ ᠴᠣᠩᠬᠤ ᠪᠠᠷ ᠬᠦᠯᠢᠶᠡᠨ ᠠᠪᠴᠤ ᠰᠢᠢᠳᠪᠦᠷᠢᠯᠡᠬᠦ᠂ ᠪᠦᠬᠦ ᠬᠡᠯᠬᠢᠶ᠎ᠡ ᠪᠠᠷ ᠦᠢᠯᠡᠴᠢᠯᠡᠬᠦ᠂ ᠪᠦᠬᠦᠨ ᠢ ᠵᠣᠬᠢᠴᠠᠭᠤᠯᠤᠨ ᠰᠢᠢᠳᠪᠦᠷᠢᠯᠡᠬᠦ︾ ᠶᠢ ᠦᠨᠡᠨᠬᠦ ᠪᠡᠶᠡᠯᠡᠭᠦᠯᠵᠦ᠂ ᠵᠥᠷᠢᠴᠡᠯ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ︽ᠡᠴᠦᠰ ᠤᠨ ᠦᠷᠳᠡᠭᠡ︾ ᠶᠢ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡᠳᠦᠭᠡᠷ ᠤᠯᠠᠷᠢᠯ ᠳᠤ ᠴᠢᠩ ᠱᠦᠢ ᠾᠧ ᠰᠢᠶᠠᠨ ᠤ ᠠᠵᠤ ᠠᠬᠤᠢ ᠳᠤ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠪᠠᠶᠢᠳᠠᠯ ᠢᠯᠡᠷᠡᠵᠦ᠂ ᠭᠢᠯᠠᠯᠵᠠᠨ︽ᠠᠮᠵᠢᠯᠲᠠ ᠶᠢᠨ ᠬᠠᠭᠤᠳᠠᠰᠤ︾ᠲᠤᠰᠢᠶᠠᠵᠤ᠂ ᠲᠦᠷᠦᠭᠦᠦ ᠤᠯᠠᠷᠢᠯ ᠤᠨ ᠰᠠᠶᠢᠨ ᠡᠬᠢᠯᠡᠯᠲᠡ ᠶᠢ ᠤᠷᠤᠭᠰᠢᠲᠠᠢ ᠪᠡᠶᠡᠯᠡᠭᠦᠯᠪᠡ᠃ ᠬᠤᠶᠠᠳᠤᠭᠠᠷ ᠤᠯᠠᠷᠢᠯ ᠪᠣᠯ ᠠᠵᠢᠯ ᠢᠶᠠᠨ ᠪᠦᠬᠦ ᠲᠠᠯ᠎ᠠ  ᠪᠠᠷ ᠲᠦᠯᠬᠢᠨ ᠠᠬᠢᠭᠤᠯᠬᠤ ︽ᠰᠢᠵᠢᠷ ᠠᠯᠲᠠᠨ ᠬᠤᠭᠤᠴᠠᠭ᠎ᠠ︾ ᠮᠥᠨ᠂ ᠮᠥᠨ ᠴᠦ ᠪᠦᠬᠦ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠶᠢ ᠲᠣᠭᠲᠠᠭᠠᠬᠤ ︽ᠵᠠᠩᠭᠢᠯᠠᠭ᠎ᠠ ᠶᠢᠨ ᠬᠤᠭᠤᠴᠠᠭ᠎ᠠ︾ ᠮᠥᠨ᠂ ᠲᠣᠭᠲᠠᠭᠰᠠᠨ ᠬᠠᠷᠠᠯᠲᠠ ᠡᠭᠦᠷᠭᠡ ᠪᠣᠯᠣᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢᠨ ᠬᠦᠴᠦᠯᠡᠴᠡ ᠶᠢᠨ ᠴᠡᠭ᠂ ᠪᠡᠯᠡ ᠣᠷᠣᠭᠤᠯᠤᠯᠲᠠ ᠶᠢ ᠥᠷᠭᠡᠳᠬᠡᠬᠦ ᠭᠤᠣᠯ ᠰᠢᠪᠲᠤᠯᠤᠯᠲᠠ ᠶᠢᠨ ᠴᠡᠭ᠂ ᠪᠠᠭᠲᠠᠭᠠᠮᠵᠢ ᠶᠢ ᠥᠷᠭᠡᠳᠬᠡᠨ ᠨᠡᠮᠡᠭᠳᠡᠭᠦᠯᠬᠦ ᠲᠤᠯᠭᠠᠭᠤᠷᠢᠯᠠᠯ ᠤᠨ ᠴᠡᠭ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠠᠩᠭᠢᠯᠠᠭ᠎ᠠ ᠶᠢᠨ ᠴᠡᠭ ᠢ ᠣᠨᠣᠪᠴᠢᠲᠠᠢ ᠡᠷᠢᠨ ᠣᠯᠵᠤ᠂ ᠨᠡᠩ ᠴᠢᠩᠭ᠎ᠠ ᠰᠠᠨᠠᠭᠠᠴᠢᠯᠠᠭᠠᠲᠤ ᠴᠢᠨᠠᠷ ᠪᠣᠯᠣᠨ ᠭᠦᠢᠴᠡᠳᠬᠡᠬᠦ ᠬᠦᠴᠦᠨ ᠢᠶᠠᠷ ᠨᠡᠮᠡᠭᠳᠡᠯ ᠢ ᠪᠠᠲᠤᠯᠠᠵᠤ ᠬᠥᠭᠵᠢᠯᠲᠡ ᠶᠢ ᠠᠬᠢᠭᠤᠯᠵᠤ᠂ ᠳᠡᠭᠡᠷ᠎ᠡ ᠬᠠᠭᠠᠰ ᠵᠢᠯ ᠤᠨ ᠬᠤᠭᠤᠴᠠᠭ᠎ᠠ ᠶᠢ ᠬᠠᠭᠠᠰ ᠠᠴᠠ ᠬᠡᠲᠦᠷᠡᠭᠦᠯᠬᠦ᠂ ᠡᠭᠦᠷᠭᠡ ᠶᠢ ᠬᠠᠭᠠᠰ ᠠᠴᠠ ᠬᠡᠲᠦᠷᠡᠭᠦᠯᠬᠦ ᠶᠢ ᠴᠢᠷᠮᠠᠶᠢᠨ ᠪᠡᠶᠡᠯᠡᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1