ᠮᠠᠨ ᠤ ᠬᠤᠲᠠ ︽5.1︾ ᠤ ᠬᠡᠷᠡᠭᠯᠡᠭᠡ ᠶᠢ ᠠᠬᠢᠭᠤᠯᠬᠤ ᠲᠤᠰᠬᠠᠢ ᠪᠡᠯᠡ ᠮᠥᠩᠭᠦ ᠶᠢ 800 ᠲᠦᠮᠡᠨ ᠲᠥᠭᠦᠷᠢᠭ ᠲᠣᠬᠢᠷᠠᠭᠤᠯᠪᠠ
ᠨᠡᠶᠢᠲᠡᠯᠡᠭᠰᠡᠨ ᠴᠠᠭ᠄
2024/4/24
     ︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠯᠢᠦ ᠬᠠᠢ ᠯᠦᠩ︶ ᠣᠶᠢᠯᠠᠭᠠᠭᠰᠠᠨ ᠢᠶᠠᠷ᠂ ᠰᠢᠨ᠎ᠡ ᠵᠢᠯ ᠪᠠ ᠴᠠᠭᠠᠨ ᠰᠠᠷ᠎ᠠ ᠶᠢᠨ ᠬᠤᠭᠤᠴᠠᠭᠠᠨ ᠳᠤ 1000 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠭᠰᠠᠨ ᠤ ᠳᠠᠷᠠᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠡᠷᠡᠭᠯᠡᠭᠡ ᠶᠢ ᠠᠬᠢᠭᠤᠯᠬᠤ ᠲᠤᠰᠬᠠᠢ ᠪᠡᠯᠡ ᠮᠥᠩᠭᠦ ᠶᠢ ᠳᠠᠬᠢᠨᠲᠠ 800 ᠲᠦᠮᠡᠨ ᠲᠥᠭᠦᠷᠢᠭ ᠲᠣᠬᠢᠷᠠᠭᠤᠯᠵᠤ᠂ 2024 ᠣᠨ ᠤ ᠬᠤᠶᠠᠳᠤᠭᠠᠷ ᠪᠦᠯᠦᠭ ᠤᠨ ︽ᠰᠠᠨᠠᠭᠠᠨ ᠳᠤ ᠲᠠᠭᠠᠷᠠᠭᠰᠠᠨ ᠢᠶᠠᠨ ᠬᠥᠬᠡᠬᠤᠲᠠ ᠠᠴᠠ ᠠᠪᠬᠤ︾ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠪᠠ᠃      ᠲᠣᠰ ᠤᠳᠠᠭᠠᠨ ᠤ ᠵᠠᠰᠠᠭ ᠤᠨ ᠣᠷᠳᠣᠨ ᠤ ᠬᠠᠩᠭᠠᠭᠰᠠᠨ ᠬᠡᠷᠡᠭᠯᠡᠭᠡ ᠶᠢ ᠠᠬᠢᠭᠤᠯᠬᠤ ᠲᠤᠰᠬᠠᠢ ᠪᠡᠯᠡ ᠮᠥᠩᠭᠦ ᠪᠣᠯ ︽ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ︾ ᠶᠢᠨ ᠬᠡᠯᠪᠡᠷᠢ ᠪᠠᠷ ᠲᠠᠷᠬᠠᠭᠠᠭᠰᠠᠨ ︽5.1︾ ᠤ ᠲᠤᠰᠬᠠᠢ ᠬᠡᠷᠡᠭᠯᠡᠭᠡᠨ ᠤ ᠲᠡᠮᠳᠡᠭᠲᠦ ᠪᠣᠯᠣᠨ᠎ᠠ᠂ ᠬᠡᠷᠡᠭᠯᠡᠭᠡᠨ ᠤ ᠴᠢᠭᠯᠡᠯ ᠨᠢ ᠮᠠᠰᠢᠨ ᠲᠡᠷᠭᠡ ᠬᠤᠳᠠᠯᠳᠤᠨ ᠠᠪᠬᠤ ᠪᠠ ᠢᠳᠡᠭᠡᠨ ᠤᠮᠳᠠᠭᠠᠨ ᠤ ᠬᠡᠷᠡᠭᠯᠡᠭᠡ ᠬᠤᠶᠠᠷ ᠲᠠᠯ᠎ᠠ ᠪᠣᠯᠣᠨ᠎ᠠ᠃ ᠡᠭᠦᠨ ᠳᠤ᠂ ︽ᠮᠠᠰᠢᠨ ᠲᠡᠷᠭᠡ ᠬᠤᠳᠠᠯᠳᠤᠨ ᠠᠪᠬᠤ ᠬᠡᠷᠡᠭᠯᠡᠭᠡᠨ ᠤ ᠲᠡᠮᠳᠡᠭᠲᠦ︾ ᠳᠤ 500 ᠲᠦᠮᠡᠨ ᠲᠥᠭᠦᠷᠢᠭ ᠲᠠᠷᠬᠠᠭᠠᠵᠤ᠂ ᠨᠥᠬᠦᠪᠦᠷᠢ ᠥᠭᠬᠦ ᠬᠡᠪᠴᠢᠶ᠎ᠡ ᠨᠢ 4 ᠳ᠋ᠦ᠋ᠭᠡᠷ ᠰᠠᠷ᠎ᠠ ᠶᠢᠨ 25 ᠤ ᠡᠳᠦᠷ ᠠᠴᠠ 5 ᠳ᠋ᠤᠭᠠᠷ ᠰᠠᠷ᠎ᠠ ᠶᠢᠨ 20 ᠤ ᠡᠳᠦᠷ ᠪᠣᠯᠲᠠᠯᠠᠬᠢ ᠬᠤᠭᠤᠴᠠᠭᠠᠨ ᠳᠤ᠂ ᠬᠤᠪᠢ ᠬᠥᠮᠥᠨ ᠮᠠᠨ ᠤ ᠬᠤᠲᠠ ᠳᠤ ᠬᠥᠳᠡᠯᠭᠡᠭᠡᠨ ᠳᠤ ᠣᠷᠣᠯᠴᠠᠭᠰᠠᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠠᠴᠠ ᠤᠯᠤᠰ ᠤᠨ ᠵᠢᠷᠭᠤᠳᠤᠭᠠᠷ ᠪᠠᠷᠢᠮᠵᠢᠶ᠎ᠠ ᠵᠢᠴᠢ ᠲᠡᠭᠦᠨ ᠠᠴᠠ ᠳᠡᠭᠡᠭᠰᠢᠬᠢ ᠰᠢᠲᠠᠭᠠᠯᠭ᠎ᠠ ᠶᠢᠨ ᠲᠣᠰᠣ ᠪᠠ ᠰᠢᠨ᠎ᠡ ᠡᠨᠧᠷᠭᠢ ᠶᠢᠨ ᠰᠠᠭᠤᠳᠠᠯ ᠤᠨ ᠰᠢᠨ᠎ᠡ ᠮᠠᠰᠢᠨ ᠲᠡᠷᠭᠡ ︵ᠡᠵᠡᠩᠨᠡᠯᠲᠡ ᠶᠢᠨ ᠲᠡᠷᠭᠡ ᠪᠠ ᠭᠠᠷ ᠳᠠᠮᠵᠢᠭᠰᠠᠨ ᠮᠠᠰᠢᠨ ᠲᠡᠷᠭᠡ ᠪᠠᠭᠲᠠᠬᠤ ᠦᠭᠡᠢ︶ ᠬᠤᠳᠠᠯᠳᠤᠨ ᠠᠪᠤᠭᠰᠠᠨ ᠪᠠᠶᠢᠪᠠᠯ᠂ ᠨᠥᠬᠦᠪᠦᠷᠢ ᠥᠭᠭᠦᠨ᠎ᠡ︔ ︽ᠢᠳᠡᠭᠡᠨ ᠤᠮᠳᠠᠭᠠᠨ ᠤ ᠬᠡᠷᠡᠭᠯᠡᠭᠡᠨ ᠤ ᠲᠡᠮᠳᠡᠭᠲᠦ︾ ᠶᠢ 300 ᠲᠦᠮᠡᠨ ᠲᠥᠭᠦᠷᠢᠭ ᠲᠠᠷᠬᠠᠭᠠᠵᠤ᠂ ᠬᠥᠳᠡᠯᠭᠡᠭᠡᠨ ᠤ ᠴᠠᠭ ᠨᠢ 4 ᠳ᠋ᠦ᠋ᠭᠡᠷ ᠰᠠᠷ᠎ᠠ ᠶᠢᠨ 20 ᠤ ᠡᠳᠦᠷ ᠠᠴᠠ 5 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠬᠡᠷᠡᠭᠯᠡᠭᠴᠢᠳ ︽ᠳᠠᠷᠤᠢ ᠬᠠᠰᠤᠬᠤ ᠲᠡᠮᠳᠡᠭᠲᠦ ︾ ᠶᠢᠨ ᠬᠡᠯᠪᠡᠷᠢ ᠪᠠᠷ ᠠᠪᠴᠤ ᠬᠡᠷᠡᠭᠯᠡᠨ᠎ᠡ᠃      ︽ᠮᠠᠰᠢᠨ ᠲᠡᠷᠭᠡ ᠬᠤᠳᠠᠯᠳᠤᠨ ᠠᠪᠬᠤ ᠬᠡᠷᠡᠭᠯᠡᠭᠡᠨ ᠤ ᠲᠡᠮᠳᠡᠭᠲᠦ︾ ᠶᠢ ︽ᠲᠦᠷᠭᠡᠨ ᠲᠦᠯᠦᠭᠦ︾ App ᠶᠢᠨ ︽ᠬᠥᠬᠡᠬᠤᠲᠠ ᠶᠢᠨ ᠮᠠᠰᠢᠨ ᠲᠡᠷᠭᠡ ᠬᠤᠳᠠᠯᠳᠤᠨ ᠠᠪᠬᠤ ᠨᠥᠬᠦᠪᠦᠷᠢ︾ ᠶᠢᠨ ᠲᠤᠰᠬᠠᠢ ᠪᠤᠯᠤᠩ ᠢᠶᠠᠷ ᠳᠠᠮᠵᠢᠭᠤᠯᠤᠨ ᠠᠪᠴᠤ ᠪᠣᠯᠣᠨ᠎ᠠ᠂ ︽ᠢᠳᠡᠭᠡᠨ ᠤᠮᠳᠠᠭᠠᠨ ᠤ ᠬᠡᠷᠡᠭᠯᠡᠭᠡᠨ ᠤ ᠲᠡᠮᠳᠡᠭᠲᠦ︾ ᠶᠢ ᠮᠧᠢ ᠲᠤᠸᠠᠨ App ᠪᠠ ᠬᠦᠬᠡᠬᠤᠲᠠ ᠶᠢᠨ ᠬᠠᠮ ᠵᠠᠭᠤᠴᠢᠯᠠᠭᠤᠷ App ᠪᠠᠷ ᠳᠠᠮᠵᠢᠭᠤᠯᠤᠨ ᠲᠣᠰ ᠲᠣᠰ ᠠᠪᠴᠤ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1