4 ᠳ᠋ᠦ᠋ᠭᠡᠷ ᠰᠠᠷ᠎ᠠ ᠶᠢᠨ 15 ᠤ ᠡᠳᠦᠷ᠂ ᠯᠣᠣ ᠨᠢᠦ ᠸᠠᠨ ᠪᠠᠯᠭᠠᠰᠤ 2024 ᠣᠨ ᠤ ᠶᠢᠰᠦᠳᠦᠭᠡᠷ | ᠤᠳᠠᠭ᠎ᠠ ᠶᠢᠨ ᠨᠠᠮ ᠤᠨ ᠬᠤᠷᠢᠶ᠎ᠠ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ | ᠬᠤᠷᠢᠶ᠎ᠠ ᠶᠢᠨ ᠱᠦᠵᠢ ᠯᠢᠦᠢ ᠶᠦᠩ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠭᠦᠨ᠂ | ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 137 ᠳ᠋ᠤᠭᠠᠷ | ᠤᠳᠠᠭ᠎ᠠ᠂ 139 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠥᠬᠦ | ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ | ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠮᠠᠨ ᠤ ᠪᠠᠯᠭᠠᠰᠤᠨ ᠤ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠬᠠᠷᠠᠯᠲᠠ | ᠡᠭᠦᠷᠭᠡ ᠲᠠᠢ ᠨᠢᠭᠲᠠ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ ᠪᠠᠷ ᠦᠵᠡᠵᠦ᠂ | ︽ᠬᠤᠶᠠᠷ ᠢ ᠬᠠᠮᠠᠭᠠᠯᠠᠬᠤ︾ᠪᠣᠳᠠᠲᠤ ᠰᠢᠯᠭᠠᠯᠲᠠ ᠶᠢ ᠡᠷᠡᠰ ᠪᠡᠶᠡᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ | ᠬᠠᠷᠢᠭᠤᠴᠠᠯᠭᠠᠲᠤ ᠰᠡᠳᠬᠢᠯᠭᠡ ᠪᠣᠯᠣᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠩᠭ᠎ᠠ ᠵᠣᠷᠢᠭ ᠰᠠᠨᠠᠭ᠎ᠠ ᠪᠠᠷ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨᠬᠦ ᠴᠢᠩᠭ᠎ᠠ ᠠᠳᠬᠤᠨ ᠪᠣᠳᠠᠲᠠᠢ ᠠᠳᠬᠤᠵᠤ᠂ | ᠦᠷ᠎ᠡ ᠪᠦᠲᠦᠮᠵᠢ ᠭᠠᠷᠭᠠᠬᠤ ᠬᠡᠷᠡᠭᠲᠡᠢ︔ ᠲᠠᠷᠢᠬᠢᠨ ᠳᠤᠨᠢ ᠬᠠᠳᠠᠩᠰᠢᠭᠤᠯᠵᠤ ᠰᠡᠳᠬᠢᠯ ᠳᠤᠨᠢ ᠬᠠᠳᠠᠩᠰᠢᠭᠤᠯᠬᠤ ᠶᠢ | ᠲᠤᠪᠤᠶᠢᠯᠭᠠᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠣᠷᠣᠭᠤᠯᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ | ᠰᠤᠷᠤᠯᠴᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ | ᠪᠠᠲᠤ ᠶᠢᠨ ᠰᠢᠳᠬᠡᠯ ᠥᠭᠬᠦ ᠳᠦᠷᠢᠮ︾ ᠢ ᠰᠤᠷᠤᠯᠴᠠᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ | ᠬᠡᠷᠡᠭᠲᠡᠢ︔ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠤᠪᠤᠶᠢᠯᠭᠠᠵᠦ᠂ ᠰᠢᠰᠲ᠋ᠧᠮ ᠲᠠᠢ ᠬᠤᠯᠪᠤᠭᠠᠯᠠᠨ | ᠬᠥᠳᠡᠯᠦᠯᠴᠡᠬᠦ ᠳᠡᠭᠡᠷ᠎ᠡ ᠬᠦᠴᠦ ᠣᠷᠣᠭᠤᠯᠵᠤ᠂ ᠨᠠᠮᠴᠢ ᠴᠢᠨᠠᠷ ᠤᠨ ᠬᠥᠮᠦᠵᠢᠯ ᠪᠣᠯᠣᠨ ᠠᠷᠢᠭᠤᠨ ᠴᠢᠬᠡᠴᠢ | ᠰᠣᠶᠣᠯ ᠤᠨ ᠬᠥᠮᠦᠵᠢᠯ ᠢ ᠲᠤᠤᠱᠯᠠᠭᠤᠯᠵᠤ᠂ ᠡᠰᠡᠷᠭᠦ ᠲᠠᠯ᠎ᠠ ᠶᠢᠨ ᠰᠡᠷᠡᠮᠵᠢᠯᠡᠭᠦᠯᠬᠦ ᠬᠥᠮᠦᠵᠢᠯ ᠪᠣᠯᠣᠨ ᠵᠥᠪ | ᠲᠠᠯ᠎ᠠ ᠶᠢᠨ ᠦᠯᠢᠭᠡᠷ ᠳᠠᠭᠤᠷᠢᠶᠠᠯ ᠤᠨ ᠬᠥᠮᠦᠵᠢᠯ ᠢ ᠤᠶᠠᠯᠳᠤᠭᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ | ᠴᠢᠨᠠᠭᠰᠢᠳᠠ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠦᠯᠦ ᠬᠠᠯᠳᠠᠭᠠᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃ | ᠬᠤᠷᠠᠯ ᠤᠨ ᠲᠠᠷᠠᠭ᠎ᠠ᠂ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠲᠡᠷᠡ ᠳᠠᠷᠤᠢ ᠳᠤᠨᠢ ᠢᠳᠡᠪᠬᠢᠲᠡᠢ | ᠨᠠᠶᠢᠳᠠᠪᠤᠷᠢᠵᠢᠭᠤᠯᠵᠤ᠂ ᠥᠪᠡᠷ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ | ᠲᠥᠯᠥᠪᠯᠡᠭᠡ ᠪᠠᠨ ᠨᠠᠷᠢᠨ ᠬᠢᠨᠠᠮᠠᠭᠠᠢ ᠲᠣᠭᠲᠠᠭᠠᠵᠤ᠂ ᠰᠤᠷᠤᠯᠴᠠᠯᠭ᠎ᠠ ᠬᠥᠮᠦᠵᠢᠯ ᠤᠨ ᠠᠵᠢᠯ ᠢ ᠵᠠᠯᠭᠠᠭ᠎ᠠ ᠪᠠᠷ | ᠥᠷᠨᠢᠭᠦᠯᠪᠡ᠃ |