ᠴᠢᠩ ᠱᠦᠢ ᠾᠧ ᠰᠢᠶᠠᠨ︽ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠵᠤ ᠴᠤᠭ ᠨᠣᠭᠤᠭᠠᠷᠠᠭᠤᠯᠵᠤ  ᠠᠮᠢ ᠠᠬᠤᠢ ᠶᠢᠨ ᠬᠠᠯᠬᠠᠪᠴᠢ ᠶᠢ ᠬᠤᠯᠪᠣᠭᠠᠯᠠᠨ ᠴᠣᠭᠴᠠᠯᠠᠬᠤ︾ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/25
     ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ᠠᠭᠤᠯᠤᠭᠳᠠᠬᠤᠨ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 19  ᠤ ᠡᠳᠦᠷ᠂ ᠴᠢᠩ ᠱᠦᠢ ᠾᠧ ᠰᠢᠶᠠᠨ ᠤ ᠬᠤᠶᠠᠷ ᠢ ᠬᠦᠷᠢᠶᠡᠯᠡᠬᠦ ᠠᠯᠪᠠᠨ ᠭᠡᠷ ᠤᠯᠢᠶᠠᠰᠤᠲᠠᠢ ᠰᠢᠶᠠᠩ ᠤᠨ ᠯᠠᠮᠠ ᠶᠢᠨ ᠰᠦᠮ᠎ᠡ ᠲᠣᠰᠬᠤᠨ ᠳᠤ︽ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠵᠤ ᠴᠤᠭ ᠨᠣᠭᠤᠭᠠᠷᠠᠭᠤᠯᠵᠤ ᠠᠮᠢ ᠠᠬᠤᠢ ᠶᠢᠨ ᠬᠠᠯᠬᠠᠪᠴᠢ ᠶᠢ ᠬᠤᠯᠪᠣᠭᠠᠯᠠᠨ ᠪᠠᠬᠢᠵᠢᠭᠦᠯᠬᠦ︾ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠡᠢ᠃ ᠰᠢᠶᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃
     4 ᠳ᠋ᠦ᠋ᠭᠡᠷ ᠰᠠᠷ᠎ᠠ ᠶᠢᠨ 19  ᠤ ᠡᠳᠦᠷ᠂ ᠴᠢᠩ ᠱᠦᠢ ᠾᠧ ᠰᠢᠶᠠᠨ ᠤ ᠬᠤᠶᠠᠷ ᠢ ᠬᠦᠷᠢᠶᠡᠯᠡᠬᠦ ᠠᠯᠪᠠᠨ ᠭᠡᠷ ᠤᠯᠢᠶᠠᠰᠤᠲᠠᠢ ᠰᠢᠶᠠᠩ ᠤᠨ ᠯᠠᠮᠠ ᠶᠢᠨ ᠰᠦᠮ᠎ᠡ ᠲᠣᠰᠬᠤᠨ ᠳᠤ︽ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠵᠤ ᠴᠤᠭ ᠨᠣᠭᠤᠭᠠᠷᠠᠭᠤᠯᠵᠤ  ᠠᠮᠢ ᠠᠬᠤᠢ ᠶᠢᠨ ᠬᠠᠯᠬᠠᠪᠴᠢ ᠶᠢ ᠬᠤᠯᠪᠣᠭᠠᠯᠠᠨ ᠴᠣᠭᠴᠠᠯᠠᠬᠤ︾ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠡᠢ᠃ ᠰᠢᠶᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃
     ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠨᠢ ᠬᠤᠶᠠᠷ ᠢ ᠬᠦᠷᠢᠶᠡᠯᠡᠬᠦ ᠠᠵᠢᠯ ᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠨᠠᠩ ᠴᠤ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠠᠷᠠᠳ ᠲᠦᠮᠡᠨ ᠤ ᠠᠮᠢ ᠠᠬᠤᠢ ᠶᠢᠨ ᠠᠵᠠ ᠵᠢᠷᠭᠠᠯ ᠢ ᠨᠡᠮᠡᠭᠳᠡᠭᠦᠯᠬᠦ ᠶᠢᠨ ᠠᠮᠢᠳᠤᠯᠢᠭ ᠢᠯᠡᠷᠡᠯ ᠪᠣᠯᠬᠤ ᠶᠤᠮ᠃ ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠬᠤᠶᠠᠷ ᠢ ᠬᠦᠷᠢᠶᠡᠯᠡᠬᠦ ᠠᠯᠪᠠᠨ ᠭᠡᠷ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠵᠣᠯ ᠵᠢᠷᠭᠠᠯᠲᠤ ᠴᠢᠩ ᠱᠦᠢ ᠾᠧ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1