︽ᠭᠦᠭᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ︾ ᠭᠡᠵᠦ ᠨᠡᠷᠡᠶᠢᠳᠦᠨ᠎ᠡ
ᠨᠡᠶᠢᠲᠡᠯᠡᠭᠰᠡᠨ ᠴᠠᠭ᠄
2024/4/26
     ᠭᠦᠭᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠲᠣᠪᠴᠢᠶ᠎ᠠ ᠨᠢᠭᠡᠨᠲᠡ ᠴᠣᠬᠤᠯᠠᠪᠤᠷᠢ ᠪᠠᠭᠤᠯᠭᠠᠵᠤ᠂ ᠭᠦᠭᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ︽ᠭᠦᠭᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ︾ ᠭᠡᠵᠦ ᠨᠡᠷᠡᠶᠢᠳᠬᠦ ᠶᠢ ᠵᠥᠪᠰᠢᠶᠡᠷᠡᠵᠡᠢ᠃      ᠣᠶᠢᠯᠠᠭᠠᠭᠰᠠᠨ ᠢᠶᠠᠷ᠂ ᠭᠦᠭᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠪᠣᠯ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠲᠠᠪᠤᠨ ᠵᠢᠯ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠭᠤᠣᠯᠳᠠᠯᠭ᠎ᠠ ᠲᠠᠢ ᠲᠥᠷᠥᠯ ᠵᠦᠢᠯ ᠮᠥᠨ᠂ ᠶᠡᠷᠦᠩᠬᠡᠢ ᠪᠡᠯᠡ ᠣᠷᠣᠭᠤᠯᠤᠯᠲᠠ 231.1 ᠳ᠋ᠦᠩᠰᠢᠭᠤᠷ ᠲᠥᠭᠦᠷᠢᠭ ᠪᠠᠶᠢᠵᠤ᠂ 4F ᠲᠠᠰ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ᠂ ᠣᠷᠣᠨ ᠪᠦᠰᠡ ᠶᠢᠨ ᠠᠭᠠᠷ ᠤᠨ ᠠᠶᠠᠯᠠᠯ ᠤᠨ ᠬᠦᠢᠰᠦ᠂ ᠪᠡᠭᠡᠵᠢᠩ ᠲᠢᠶᠠᠨᠵᠢᠨ ᠾᠧᠪᠧᠢ ᠶᠢᠨ ᠨᠢᠰᠬᠡᠯ ᠤᠨ ᠪᠠᠭᠤᠳᠠᠯ ᠤᠨ ᠴᠤᠭᠯᠠᠷᠠᠯ ᠳᠠᠬᠢ ᠭᠤᠣᠯ ᠪᠡᠯᠡᠳᠬᠡᠯ ᠨᠢᠰᠬᠡᠯ ᠤᠨ ᠪᠠᠭᠤᠳᠠᠯ ᠤᠨ ᠨᠢᠭᠡ᠂ ᠨᠢᠭᠡᠳᠦᠭᠡᠷ ᠲᠥᠷᠥᠯ ᠤᠨ ᠠᠭᠠᠷ ᠤᠨ ᠠᠶᠠᠯᠠᠯ ᠤᠨ ᠪᠣᠭᠤᠮᠲᠠ ᠶᠢᠨ ᠨᠢᠰᠬᠡᠯ ᠤᠨ ᠪᠠᠭᠤᠳᠠᠯ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢᠨ ᠴᠢᠬᠤᠯᠠ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠴᠡᠭ ᠢᠶᠠᠷ ᠪᠠᠶᠢᠷᠢᠯᠠᠭᠤᠯᠵᠠᠢ᠃      ᠣᠳᠣᠬᠠᠨ ᠪᠤᠯᠲᠠᠯ᠎ᠠ ᠭᠦᠭᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠰᠢᠪᠠᠷ ᠰᠢᠷᠣᠢ ᠶᠢᠨ ᠪᠠᠷᠢᠯᠭ᠎ᠠ ᠶᠢᠨ ᠠᠵᠢᠯ ᠤᠨ ᠠᠶᠠᠯᠠᠯ ᠤᠨ ᠥᠷᠲᠡᠭᠡ᠂ ᠨᠢᠰᠦᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠦᠨᠳᠦᠰᠦᠨ ᠳᠡᠭᠡᠨ ᠳᠠᠭᠤᠰᠴᠤ᠂ ᠨᠢᠭᠡᠨᠲᠡ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠪᠠ ᠮᠠᠰᠢᠨ ᠴᠠᠭᠢᠯᠭᠠᠨ ᠤ ᠲᠥᠬᠦᠭᠡᠷᠦᠮᠵᠢ ᠶᠢ ᠤᠭᠰᠠᠷᠠᠬᠤ ᠱᠠᠲᠤᠨ ᠳᠤ ᠣᠷᠣᠵᠤ᠂ 2024 ᠣᠨ ᠤ ᠡᠴᠦᠰ ᠲᠤ ᠪᠠᠷᠢᠯᠭ᠎ᠠ ᠳᠠᠭᠤᠰᠬᠠᠵᠤ᠂ 2025 ᠣᠨ ᠤ ᠳᠥᠷᠪᠡᠳᠦᠭᠡᠷ ᠤᠯᠠᠷᠢᠯ ᠳᠤ ᠠᠶᠠᠯᠠᠯ ᠨᠡᠪᠲᠡᠷᠡᠨ ᠠᠵᠢᠯᠯᠠᠬᠤ ᠪᠠᠷ ᠲᠥᠯᠥᠪᠯᠡᠵᠦ ᠪᠤᠶ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1