ᠮᠠᠨ ᠤ ᠬᠤᠲᠠ ᠶᠢᠨ ᠠᠵᠤ ᠠᠬᠤᠶᠢᠯᠠᠯ ᠳᠤ ᠬᠤᠯᠪᠣᠭᠳᠠᠬᠤ ᠥᠮᠴᠢᠯᠡᠬᠦ ᠡᠷᠬᠡ ᠶᠢ ᠳᠠᠩᠰᠠᠯᠠᠬᠤ ᠴᠤᠪᠤᠷᠠᠯ ᠳᠤ ᠰᠢᠨ᠎ᠡ ᠶᠢ ᠡᠭᠦᠳᠴᠦ ᠠᠮᠵᠢᠯᠲᠠ ᠣᠯᠪᠠ
ᠨᠡᠶᠢᠲᠡᠯᠡᠭᠰᠡᠨ ᠴᠠᠭ᠄
2024/4/26
     ︵ᠰᠤᠷᠪᠤᠯᠵᠢᠯᠠᠭᠴᠢ ᠰᠥᠩ ᠰᠢᠶᠠᠩ ᠬᠤᠸᠠ︶ ᠲᠦᠷᠦᠭᠦᠬᠡᠨ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠬᠥᠬᠡᠬᠤᠲᠠ ᠶᠢᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ ᠳᠤ ᠪᠥᠬᠦ ᠬᠤᠲᠠ ᠶᠢᠨ ᠠᠩᠬᠠᠳᠠᠭᠴᠢ ᠳᠦᠷᠢᠮ ᠤᠨ ᠥᠭᠡᠷᠡᠴᠢᠯᠡᠯᠲᠡ ᠬᠢᠭᠰᠡᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠷᠬᠡᠲᠦ ᠬᠥᠮᠥᠨ ᠤ ᠨᠡᠷᠡᠶᠢᠳᠦᠯ ᠢ ᠬᠤᠪᠢᠷᠠᠭᠤᠯᠬᠤ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠡᠢ᠃ ᠡᠨᠡ ᠪᠣᠯ ︽ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠶᠢ ᠤᠷᠢᠳᠴᠢᠯᠠᠨ ᠮᠡᠳᠡᠭᠳᠡᠬᠦ ᠳᠠᠩᠰᠠᠯᠠᠯᠲᠠ︾ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠤ ᠳᠠᠷᠠᠭᠠᠬᠢ ᠪᠠᠰᠠ ᠨᠢᠭᠡᠨ ᠣᠯᠠᠨ ᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠳᠤ ᠬᠤᠯᠪᠣᠭᠳᠠᠬᠤ ᠳᠠᠩᠰᠠᠯᠠᠯᠲᠠ ᠶᠢᠨ ᠴᠤᠪᠤᠷᠠᠯ ᠳᠤ ᠰᠢᠨ᠎ᠡ ᠶᠢ ᠡᠭᠦᠳᠴᠦ ᠠᠮᠵᠢᠯᠲᠠ ᠣᠯᠣᠭᠰᠠᠨ ᠶᠠᠪᠤᠳᠠᠯ ᠪᠣᠯᠣᠨ᠎ᠠ᠃      ᠠᠵᠤ ᠠᠬᠤᠶᠢᠯᠠᠯ ᠤᠨ ᠣᠯᠠᠨ ᠵᠦᠢᠯ ᠤᠨ ᠠᠷᠭ᠎ᠠ ᠬᠡᠯᠪᠡᠷᠢ ᠪᠠᠷ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠪᠠᠨ ᠠᠮᠢᠳᠤᠯᠢᠭ ᠢᠶᠠᠷ ᠠᠰᠢᠭᠯᠠᠬᠤ ᠶᠢ ᠵᠣᠷᠢᠭᠵᠢᠭᠤᠯᠬᠤ ᠶᠢᠨ ᠲᠥᠯᠥᠭᠡ᠂ ᠣᠶᠢᠷ᠎ᠠ ᠶᠢᠨ ᠵᠢᠯ ᠤᠳ ᠲᠤ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠲᠥᠷᠥ ᠶᠢᠨ ᠪᠣᠳᠣᠯᠭ᠎ᠠ ᠶᠢᠨ ᠴᠤᠪᠤᠷᠠᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠨᠠᠭᠠᠴᠢᠯᠠᠭ᠎ᠠ   ᠠᠴᠠ ᠪᠠᠨ ᠠᠵᠤ ᠠᠬᠤᠶᠢᠯᠠᠯ ᠢ ᠵᠢᠯᠣᠭᠤᠳᠤᠨ᠂ ᠰᠢᠯᠵᠢᠭᠦᠯᠦᠨ ᠥᠭᠭᠦᠭᠴᠢ ᠪᠠ ᠰᠢᠯᠵᠢᠭᠦᠯᠦᠨ ᠠᠪᠤᠭᠴᠢ ᠶᠢᠨ ᠭᠠᠷ ᠤᠨ ᠥᠰᠥᠭ ᠵᠢᠷᠤᠭᠰᠠᠨ ︽ᠤᠷᠢᠳᠴᠢᠯᠠᠨ ᠮᠡᠳᠡᠭᠳᠡᠬᠦ ᠳᠠᠩᠰᠠᠯᠠᠯᠲᠠ ᠶᠢᠨ ᠪᠣᠯᠵᠣᠨ ᠲᠣᠭᠲᠠᠭᠰᠠᠨ ᠪᠢᠴᠢᠭ︾ ᠢ ᠲᠣᠭᠲᠠᠭᠠᠵᠤ᠂ ᠳᠠᠩᠰᠠᠯᠠᠯᠲᠠ ᠶᠢᠨ ᠴᠤᠪᠤᠷᠠᠯ ᠢ ᠲᠥᠯᠥᠪᠯᠡᠨ ᠰᠢᠯᠢᠳᠡᠭᠵᠢᠭᠦᠯᠵᠦ᠂ ᠨᠢᠭᠡ ᠯᠡ ᠤᠳᠠᠭ᠎ᠠ ᠳᠡᠭᠡᠷ᠎ᠡ ᠲᠦᠭᠵᠢᠷᠡᠯ ᠢ ᠨᠡᠪᠲᠡᠷᠡᠭᠦᠯᠦᠭᠰᠡᠨ ᠤ ᠬᠠᠮᠲᠤ 2022 ᠣᠨ ᠤ 8 ᠳ᠋ᠤᠭᠠᠷ ᠰᠠᠷ᠎ᠠ ᠶᠢᠨ 18 ᠤ ᠡᠳᠦᠷ ᠪᠥᠬᠦ ᠣᠷᠣᠨ ᠤ ᠠᠩᠬᠠᠳᠠᠭᠴᠢ ︽ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠶᠢ ᠤᠷᠢᠳᠴᠢᠯᠠᠨ ᠮᠡᠳᠡᠭᠳᠡᠬᠦ ᠳᠠᠩᠰᠠᠯᠠᠯᠲᠠ︾ ᠶᠢᠨ ᠲᠤᠬᠠᠶᠢᠯᠠᠭᠰᠠᠨ ᠠᠵᠢᠯ ᠢ ᠠᠮᠵᠢᠯᠲᠠᠲᠠᠢ ᠭᠦᠢᠴᠡᠳᠬᠡᠭᠰᠡᠨ ᠪᠠᠶᠢᠨ᠎ᠠ᠃      ᠠᠵᠤ ᠠᠬᠤᠶᠢᠯᠠᠯ ᠤᠨ ᠳᠠᠩᠰᠠᠯᠠᠯᠲᠠ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠭ᠎ᠠ ᠬᠤᠭᠤᠴᠠᠭᠠᠨ ᠳᠤ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠺᠣᠮᠫᠠᠨᠢ ᠶᠢᠨ ᠳᠦᠷᠢᠮᠲᠦ ᠪᠠᠶᠢᠭᠤᠯᠤᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ ᠪᠠᠶᠢᠭ᠎ᠠ ᠬᠡᠰᠡᠭ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠠᠭ ᠨᠢ ᠣᠷᠳᠣ᠂ ᠶᠠᠪᠤᠴᠠ ᠨᠢ ᠪᠤᠳᠤᠯᠢᠶᠠᠨᠲᠠᠢ᠂ ᠡᠷᠬᠡ ᠶᠢᠨ ᠪᠡᠶᠡᠴᠢ ᠴᠣᠭᠴᠠ ᠶᠢᠨ ᠨᠡᠷᠡᠶᠢᠳᠦᠯ ᠤᠨ ᠬᠤᠪᠢᠷᠠᠯᠲᠠ ᠨᠢ ᠣᠯᠠᠰᠢᠷᠠᠭᠰᠠᠨ ᠠᠴᠠ ᠪᠣᠯᠵᠤ᠂ ᠪᠠᠶᠢᠭᠤᠯᠤᠯ ᠤᠨ ᠥᠭᠡᠷᠡᠴᠢᠯᠡᠯᠲᠡ ᠠᠴᠠ ᠡᠮᠦᠨ᠎ᠡ ᠠᠵᠤ ᠠᠬᠤᠶᠢᠯᠠᠯ ᠤᠨ ᠡᠵᠡᠮᠰᠢᠵᠦ ᠪᠠᠶᠢᠭᠰᠠᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠬᠤᠪᠢᠷᠠᠭᠤᠯᠬᠤ ᠳᠠᠩᠰᠠᠯᠠᠯᠲᠠ ᠶᠢ ᠤᠷᠤᠭᠰᠢᠲᠠᠢ ᠪᠡᠶᠡᠯᠡᠭᠦᠯᠬᠦ ᠶᠢᠨ ᠠᠷᠭ᠎ᠠ ᠦᠭᠡᠢ ᠪᠣᠯᠵᠤ᠂ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠷᠠᠭ᠎ᠠ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠠᠷᠭ᠎ᠠ ᠦᠭᠡᠢ ᠪᠣᠯᠤᠭᠰᠠᠨ ᠢ ᠣᠯᠵᠤ ᠮᠠᠲᠠᠵᠠᠢ᠃ ᠳᠡᠭᠡᠷᠡᠬᠢ ᠪᠠᠶᠢᠳᠠᠯ ᠳᠤ ᠴᠢᠭᠯᠡᠭᠦᠯᠦᠨ᠂ ᠬᠤᠲᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠠᠴᠠ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢ ᠵᠣᠬᠢᠴᠠᠭᠤᠯᠵᠤ᠂ ︽ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠠᠮᠢᠳᠤᠯᠢᠭ ᠠᠰᠢᠭᠯᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ  ᠶᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠥᠬᠡᠬᠤᠲᠠ ᠶᠢᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠶᠠᠪᠤᠴᠠ ᠶᠢ ᠪᠦᠬᠦ ᠲᠠᠯ᠎ᠠ ᠪᠠᠷ ᠡᠮᠬᠢᠯᠡᠵᠦ᠂ ᠠᠵᠤ ᠠᠬᠤᠶᠢᠯᠠᠯ ᠤᠨ ᠦᠨᠡᠮᠯᠡᠯ ᠠᠪᠬᠤ ᠴᠢᠬᠤᠯᠠ ᠨᠥᠬᠦᠴᠡᠯ ᠤᠨ ᠮᠠᠲ᠋ᠧᠷᠢᠶᠠᠯ ᠢ ᠳᠥᠭᠦᠮᠴᠢᠯᠡᠵᠦ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠣᠳᠣᠬᠢ ᠪᠠᠶᠢᠳᠠᠯ ᠤᠨ ᠵᠠᠭᠠᠭ ᠱᠤᠭᠤᠮ ᠢ ᠤᠷᠢᠳᠠᠪᠠᠷ ᠬᠢᠨᠠᠨ ᠬᠠᠷᠭᠤᠭᠤᠯᠵᠤ᠂ ᠠᠵᠤ ᠠᠬᠤᠶᠢᠯᠠᠯ ᠠᠴᠠ ᠡᠷᠬᠡᠲᠦ ᠬᠥᠮᠥᠨ ᠤ ᠳᠠᠩᠰᠠᠯᠠᠯᠲᠠ ᠶᠢ ᠬᠤᠪᠢᠷᠠᠭᠤᠯᠬᠤ ᠭᠠᠷ ᠭᠦᠢᠴᠡᠳᠬᠡᠯ ᠢ ᠰᠢᠭᠤᠳ ᠬᠢᠵᠦ ᠪᠣᠯᠬᠤ ᠪᠣᠯᠭᠠᠵᠤ᠂ ᠥᠩᠭᠡᠷᠡᠭᠰᠡᠨ ᠳᠤ ᠤᠯᠠᠨ ᠰᠠᠯᠠᠭ᠎ᠠ ᠮᠥᠴᠢᠷ ᠠᠴᠠ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ ᠶᠠᠪᠤᠴᠠ ᠶᠢ ᠭᠡᠷᠡᠴᠢᠯᠡᠬᠦ ᠴᠢᠬᠤᠯᠠᠲᠠᠢ ᠪᠠᠶᠢᠭᠰᠠᠨ ᠢᠯᠡᠭᠦᠴᠡ ᠲᠡᠰ ᠳᠠᠷᠠᠭᠠᠯᠠᠯ ᠢ ᠲᠠᠶᠠᠭᠳᠠᠵᠤ᠂ ᠠᠵᠤ ᠠᠬᠤᠶᠢᠯᠠᠯ ᠢ ᠠᠷᠪᠠ ᠭᠠᠷᠤᠢ ᠵᠢᠯ ᠭᠠᠴᠢᠭᠳᠠᠭᠤᠯᠵᠤ ᠪᠠᠶᠢᠭᠰᠠᠨ ᠥᠮᠴᠢᠯᠡᠯ ᠤᠨ ᠡᠷᠬᠡ ᠶᠢ ᠳᠠᠩᠰᠠᠯᠠᠬᠤ ᠠᠰᠠᠭᠤᠳᠠᠯ ᠢ ᠨᠢᠭᠡ ᠯᠡ ᠳᠡᠭᠡᠷ᠎ᠡ ᠰᠢᠢᠳᠪᠦᠷᠢᠯᠡᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠮᠤᠷ ᠲᠦᠪᠰᠢᠨ ᠵᠢᠴᠢ ᠥᠮᠴᠢᠯᠡᠯ ᠤᠨ ᠡᠷᠬᠡ ᠶᠢ ᠲᠣᠳᠣᠷᠬᠠᠢ ᠪᠣᠯᠭᠠᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠭᠦᠢᠴᠡᠳᠬᠡᠬᠦ ᠴᠤᠪᠤᠷᠠᠯ ᠵᠢᠴᠢ ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1