2024 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠪᠣᠯ ᠮᠠᠨ ᠤ ᠤᠯᠤᠰ ᠤᠨ 38 ᠳ᠋ᠤᠭᠠᠷ ︽ᠪᠥᠬᠦ | ᠤᠯᠤᠰ ᠤᠨ ᠬᠡᠦᠬᠡᠳ ᠤᠨ ᠰᠡᠷᠭᠡᠶᠢᠯᠡᠬᠦ ᠲᠠᠷᠢᠯᠭ᠎ᠠ ᠶᠢᠨ ᠡᠳᠦᠷ︾ ᠪᠣᠯᠣᠨ᠎ᠠ᠂ ᠡᠨᠡ ᠵᠢᠯ ᠤᠨ ᠤᠬᠠᠭᠤᠯᠭ᠎ᠠ ᠶᠢᠨ | ᠭᠤᠣᠯ ᠰᠡᠳᠦᠪ ᠨᠢ ︽ᠬᠠᠮᠲᠤ ᠪᠠᠷ ᠬᠥᠳᠡᠯᠦᠯᠴᠡᠵᠦ ᠰᠡᠷᠭᠡᠶᠢᠯᠡᠬᠦ ᠲᠠᠷᠢᠯᠭ᠎ᠠ ᠳᠠᠷᠢᠵᠤ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠠᠶᠠᠯᠠᠯ ᠢ ᠬᠠᠮᠠᠭᠠᠯᠠᠨ᠎ᠠ︾᠃ ᠰᠡᠷᠭᠡᠶᠢᠯᠡᠬᠦ ᠲᠠᠷᠢᠯᠭ᠎ᠠ ᠶᠢᠨ ᠠᠴᠢ ᠬᠤᠯᠪᠣᠭᠳᠠᠯ ᠢ | ᠤᠬᠠᠭᠤᠯᠵᠤ᠂ ᠰᠡᠷᠭᠡᠶᠢᠯᠡᠬᠦ ᠲᠠᠷᠢᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ | 25 ᠤ ᠡᠳᠦᠷ᠂ ᠴᠢᠩ ᠱᠦᠢ ᠾᠧ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠴᠢᠩ ᠱᠦᠢ | ᠾᠧ ᠰᠢᠶᠠᠨ ᠤ ᠴᠧᠩ ᠭᠤᠸᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ ᠲᠠᠢ ᠬᠠᠮᠲᠤᠷᠠᠨ 2024 ᠣᠨ ᠤ | ︽ᠪᠥᠬᠦ ᠤᠯᠤᠰ ᠤᠨ ᠬᠡᠦᠬᠡᠳ ᠤᠨ ᠰᠡᠷᠭᠡᠶᠢᠯᠡᠬᠦ ᠲᠠᠷᠢᠯᠭ᠎ᠠ ᠶᠢᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ | | | | | ᠠᠵᠢᠯᠯᠠᠭ᠎ᠠ ᠶᠢᠨ ᠬᠤᠭᠤᠴᠠᠭᠠᠨ ᠳᠤ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ | ᠬᠠᠷᠢᠭᠤᠴᠠᠯᠭᠠᠲᠠᠨ ᠰᠤᠷᠤᠭᠴᠢᠳ ᠲᠤ ᠰᠡᠷᠭᠡᠶᠢᠯᠡᠬᠦ ᠲᠠᠷᠢᠯᠭ᠎ᠠ ᠶᠢᠨ ᠠᠴᠢ ᠬᠤᠯᠪᠣᠭᠳᠠᠯ ᠢ ᠲᠠᠶᠢᠯᠪᠤᠷᠢᠯᠠᠨ ᠥᠭᠴᠦ᠂ | ᠠᠵᠢᠯᠲᠠᠳ ᠤᠬᠠᠭᠤᠯᠭ᠎ᠠ ᠶᠢᠨ ᠸᠢᠳᠢᠤ᠋ ᠶᠢ ᠨᠡᠪᠲᠡᠷᠡᠭᠦᠯᠬᠦ᠂ ᠰᠡᠷᠭᠡᠶᠢᠯᠡᠬᠦ ᠲᠠᠷᠢᠯᠭ᠎ᠠ ᠶᠢᠨ ᠤᠬᠠᠭᠤᠯᠭ᠎ᠠ ᠶᠢᠨ ᠭᠠᠷ | ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠰᠡᠷᠭᠡᠶᠢᠯᠡᠬᠦ ᠲᠠᠷᠢᠯᠭ᠎ᠠ ᠶᠢᠨ ᠮᠡᠳᠡᠯᠭᠡ ᠶᠢ ᠣᠯᠭᠤᠵᠤ᠂ ᠥᠷᠭᠡᠨ ᠣᠯᠠᠨ ᠲᠦᠮᠡᠨ ᠪᠠ | ᠨᠡᠶᠢᠭᠡᠮ ᠤᠨ ᠡᠯ᠎ᠡ ᠡᠲᠡᠭᠡᠳ ᠤᠨ ᠬᠡᠦᠬᠡᠳ ᠤᠨ ᠰᠡᠷᠭᠡᠶᠢᠯᠡᠬᠦ ᠲᠠᠷᠢᠯᠭ᠎ᠠ ᠶᠢᠨ ᠠᠵᠢᠯ ᠢ ᠬᠠᠯᠠᠮᠵᠢᠯᠠᠨ᠂ ᠰᠡᠷᠭᠡᠶᠢᠯᠡᠬᠦ | ᠲᠠᠷᠢᠯᠭ᠎ᠠ ᠶᠢᠨ ᠲᠥᠷᠥ ᠶᠢᠨ ᠪᠣᠳᠣᠯᠭ᠎ᠠ ᠶᠢ ᠠᠩᠬᠠᠷᠴᠤ᠂ ᠰᠡᠷᠭᠡᠶᠢᠯᠡᠬᠦ ᠲᠠᠷᠢᠯᠭ᠎ᠠ ᠶᠢᠨ ᠦᠢᠯᠡᠴᠢᠯᠡᠭᠡ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠬᠥᠮᠥᠵᠢᠭᠦᠯᠦᠨ ᠵᠢᠯᠤᠭᠤᠳᠴᠤ᠂ ᠥᠷᠭᠡᠨ ᠣᠯᠠᠨ ᠬᠡᠦᠬᠡᠳ ᠤᠨ | ᠡᠷᠡᠭᠦᠯ ᠢᠶᠠᠷ ᠦᠰᠦᠨ ᠪᠣᠶᠢᠵᠢᠬᠤ ᠶᠢ ᠦᠨᠡᠨ ᠬᠦ ᠪᠠᠲᠤᠯᠠᠪᠠ᠃ | | | | | | | | | | ᠣᠶᠢᠷ᠎ᠠ ᠶᠢᠨ ᠵᠢᠯ ᠳᠤ᠂ ᠴᠢᠩ ᠱᠦᠢ ᠾᠧ ᠰᠢᠶᠠᠨ ᠤ ᠬᠢᠨ ᠤᠯᠤᠰ ᠤᠨ ᠡᠭᠡᠯᠢᠯᠡᠭᠡ ᠶᠢᠨ | ᠲᠥᠯᠦᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠰᠢᠶᠠᠨ ᠤ | ᠡᠭᠡᠯᠢᠯᠡᠭᠡ ᠶᠢᠨ ᠲᠥᠯᠦᠪᠵᠢᠭᠦᠯᠭᠡ ᠶᠢᠨ ᠠᠵᠢᠯ ᠢ ᠵᠢᠷᠤᠮᠵᠢᠭᠤᠯᠤᠨ ᠥᠷᠨᠢᠭᠦᠯᠬᠦ ᠶᠢ ᠲᠦᠯᠬᠢᠨ ᠠᠬᠢᠭᠤᠯᠵᠤ᠂ ᠥᠷᠭᠡᠨ | ᠣᠯᠠᠨ ᠬᠡᠦᠬᠡᠳ ᠲᠤ ᠠᠮᠤᠷ ᠲᠦᠪᠰᠢᠨ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠶ᠂ ᠬᠠᠯᠠᠭᠤᠨ ᠳᠤᠯᠠᠭᠠᠨ | ᠰᠡᠷᠭᠡᠶᠢᠯᠡᠬᠦ ᠲᠠᠷᠢᠯᠭ᠎ᠠ ᠶᠢᠨ ᠦᠢᠯᠡᠴᠢᠯᠡᠭᠡ ᠬᠠᠩᠭᠠᠵᠤ᠂ ᠡᠷᠡᠭᠦᠯ ᠡᠩᠬᠡ ᠴᠢᠩ ᠱᠦᠢ ᠾᠧ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃ 2023 ᠣᠨ ᠳᠤ᠂ ᠪᠥᠬᠦ ᠰᠢᠶᠠᠨ ᠤ ᠤᠯᠤᠰ ᠤᠨ ᠡᠭᠡᠯᠢᠯᠡᠭᠡ ᠶᠢᠨ | ᠲᠥᠯᠦᠪᠵᠢᠭᠦᠯᠭᠡ ᠶᠢᠨ ᠰᠡᠷᠭᠡᠶᠢᠯᠡᠬᠦ ᠲᠠᠷᠢᠯᠭ᠎ᠠ ᠶᠢᠨ ᠪᠥᠬᠦ ᠶᠠᠪᠤᠴᠠ ᠶᠢᠨ ᠨᠣᠷᠮ᠎ᠠ ᠴᠥᠮ 90% ᠠᠴᠠ ᠳᠡᠭᠡᠭᠰᠢ ᠳᠤ | ᠬᠦᠷᠴᠦ᠂ ᠰᠡᠷᠭᠡᠶᠢᠯᠡᠬᠦ ᠲᠠᠷᠢᠯᠭ᠎ᠠ ᠳᠤ ᠴᠢᠭᠯᠡᠭᠦᠯᠦᠭᠰᠡᠨ ᠬᠠᠯᠳᠠᠪᠤᠷᠢᠲᠤ ᠡᠪᠡᠳᠴᠢᠨ ᠢ ᠪᠦᠲᠦᠮᠵᠢᠲᠡᠶ ᠬᠢᠵᠠᠭᠠᠷᠯᠠᠪᠠ᠃ | ᠰᠡᠷᠭᠡᠶᠢᠯᠡᠬᠦ ᠲᠠᠷᠢᠯᠭ᠎ᠠ ᠪᠣᠯ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠬᠢᠮᠳᠠ᠂ | ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠲᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ | ᠦᠷᠭᠦᠯᠵᠢᠯᠡᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠤᠨ᠂ ᠡᠭᠡᠯᠢᠯᠡᠭᠡ ᠶᠢᠨ | ᠲᠥᠯᠦᠪᠵᠢᠭᠦᠯᠭᠡ ᠶᠢᠨ ᠲᠥᠷᠥ ᠶᠢᠨ ᠪᠣᠳᠣᠯᠭ᠎ᠠ ᠪᠠ ᠰᠡᠷᠭᠡᠶᠢᠯᠡᠬᠦ ᠲᠠᠷᠢᠯᠭ᠎ᠠ ᠶᠢᠨ ᠮᠡᠳᠡᠯᠭᠡ ᠶᠢᠨ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠤᠯᠤᠰ ᠤᠨ ᠡᠭᠡᠯᠢᠯᠡᠭᠡ ᠶᠢᠨ ᠲᠥᠯᠦᠪᠵᠢᠭᠦᠯᠭᠡ ᠶᠢ | ᠬᠠᠯᠠᠮᠵᠢᠯᠠᠬᠤ᠂ ᠳᠡᠮᠵᠢᠬᠦ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠥᠮᠥᠰ ᠤᠨ | ᠡᠭᠡᠯᠢᠯᠡᠭᠡ ᠶᠢᠨ ᠬᠠᠯᠬᠠᠪᠴᠢ ᠶᠢ ᠪᠠᠬᠢᠵᠢᠭᠦᠯᠬᠦ ᠪᠣᠯᠣᠨ᠎ᠠ᠃ | |