ᠴᠢᠩ ᠱᠦᠢ ᠾᠧ ᠰᠢᠶᠠᠨ ᠤ 2024 ᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠶᠢᠨ ᠬᠤᠶᠠᠳᠤᠭᠠᠷ ᠬᠤᠭᠤᠴᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/4/26
     4 ᠳ᠋ᠦ᠋ᠭᠡᠷ ᠰᠠᠷ᠎ᠠ ᠶᠢᠨ 25 ᠤ ᠡᠳᠦᠷ᠂ ᠴᠢᠩ ᠱᠦᠢ ᠾᠧ ᠰᠢᠶᠠᠨ ᠤ 2024 ᠣᠨ ᠳᠤ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠶᠢᠨ ᠬᠤᠶᠠᠳᠤᠭᠠᠷ ᠬᠤᠭᠤᠴᠠᠭᠠᠨ ᠤ ᠬᠢᠴᠢᠶᠡᠯ ᠡᠬᠢᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠢ ᠮᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠬᠡᠷᠬᠢᠨ ᠣᠶᠢᠯᠠᠭᠠᠵᠤ ᠡᠵᠡᠮᠰᠢᠬᠦ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠶ︾ ᠭᠡᠬᠦ ᠰᠡᠳᠦᠪ ᠢᠶᠠᠷ ᠠᠩᠭᠢ ᠡᠬᠢᠯᠡᠬᠦ ᠨᠢᠭᠡᠳᠦᠭᠡᠷ ᠶᠠᠷᠢᠶ᠎ᠠ ᠲᠠᠯᠪᠢᠵᠠᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠵᠢᠶᠠᠨ ᠴᠦᠨ ᠠᠩᠭᠢ ᠡᠬᠢᠯᠡᠬᠦ ᠶᠣᠰᠣᠯᠠᠯ ᠢ ᠡᠷᠭᠢᠯᠡᠪᠡ᠃
     ᠲᠤᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠭᠤᠣᠯ ᠡᠭᠦᠷᠭᠡ ᠪᠣᠯ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠵᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠦᠨ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠪᠦᠬᠦ ᠰᠢᠶᠠᠨ ᠤ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠰᠡᠳᠬᠢᠬᠦᠢ ᠪᠣᠯᠣᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠬᠦᠴᠦᠯᠡᠨ ᠤᠷᠤᠭᠰᠢᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠨᠠᠶᠢᠳᠠᠪᠤᠷᠢᠵᠢᠭᠤᠯᠤᠨ ᠪᠣᠳᠠᠲᠠᠢ ᠨᠠᠶᠢᠳᠠᠪᠤᠷᠢᠵᠢᠭᠤᠯᠵᠤ᠂ ᠴᠢᠩ ᠱᠦᠢ ᠾᠧ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1