ᠴᠢᠩ ᠱᠦᠢ ᠾᠧ ᠰᠢᠶᠠᠨ︽ᠲᠠᠪᠤᠨ ᠨᠢᠭᠡ︾ ᠶᠢᠨ ᠠᠵᠢᠯᠯᠠᠭ᠎ᠠ ᠥᠷᠨᠢᠭᠦᠯᠵᠦ ᠵᠡᠮᠳᠡᠭᠴᠦᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠡᠢ
ᠨᠡᠶᠢᠲᠡᠯᠡᠭᠰᠡᠨ ᠴᠠᠭ᠄
2024/4/26
     ᠵᠡᠮᠳᠡᠭᠴᠦᠳ ᠤᠨ ᠣᠶᠣᠨ ᠤ ᠪᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠨᠡᠩ ᠣᠯᠠᠨ ᠵᠡᠮᠳᠡᠭᠴᠦᠳ ᠢ ᠭᠡᠷ ᠠᠴᠠ ᠪᠠᠨ ᠭᠠᠷᠭᠠᠵᠤ᠂ ᠨᠡᠶᠢᠭᠡᠮ ᠳᠤ ᠣᠷᠣᠭᠤᠯᠬᠤ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 24  ᠤ ᠡᠳᠦᠷ᠂ ᠴᠢᠩ ᠱᠦᠢ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ ᠠᠴᠠ 20 ᠭᠠᠷᠤᠢ ᠵᠡᠮᠳᠡᠭ᠌ᠴᠤᠳ ᠢ ᠵᠣᠬᠢᠶᠠᠨ ᠪᠠᠶᠢᠭᠤᠯᠵᠤ ᠵᠡᠮᠳᠡᠭᠴᠦᠳ ᠤᠨ︽ᠲᠠᠪᠤᠨ ᠨᠢᠭᠡ︾ᠵᠢᠴᠢ ᠵᠡᠮᠳᠡᠭᠴᠦᠳ ᠤᠨ ᠨᠣᠮ ᠤᠩᠰᠢᠬᠤ ᠠᠵᠢᠯᠯᠠᠭ᠎ᠠ ᠶᠢ ᠥᠷᠨᠢᠭᠦᠯᠵᠦ᠂ ᠵᠡᠮᠳᠡᠭ᠌ᠴᠤᠳ ᠢ︽ᠨᠢᠭᠡ ᠨᠣᠮ ᠤᠩᠰᠢᠬᠤ᠂ ᠨᠢᠭᠡ ᠤᠳᠠᠭ᠎ᠠ ᠺᠢᠨᠣ᠋ ᠦᠵᠡᠬᠦ᠂ ᠨᠢᠭᠡ ᠤᠳᠠᠭ᠎ᠠ ᠴᠡᠴᠡᠷᠯᠢᠭ ᠢᠶᠠᠷ ᠵᠤᠭᠠᠴᠠᠬᠤ᠂ ᠨᠢᠭᠡ ᠤᠳᠠᠭ᠎ᠠ ᠦᠵᠡᠰᠬᠦᠯᠡᠩ ᠢ ᠲᠣᠭᠤᠷᠢᠨ ᠦᠵᠡᠬᠦ ᠵᠢᠴᠢ ᠨᠢᠭᠡ ᠤᠳᠠᠭ᠎ᠠ ᠰᠣᠶᠣᠯ ᠤᠨ ᠠᠵᠢᠯᠯᠠᠭ᠎ᠠ ᠳᠤ ᠣᠷᠣᠯᠴᠠᠬᠤ︾ ᠪᠠᠷ ᠬᠠᠪᠰᠤᠷᠴᠤ᠂ ᠵᠡᠮᠳᠡᠭ᠌ᠴᠤᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃ ᠠᠵᠢᠯᠯᠠᠭ᠎ᠠ ᠶᠢᠨ ᠬᠤᠭᠤᠴᠠᠭᠠᠨ ᠳᠤ᠂ ᠵᠡᠮᠳᠡᠭ᠌ᠴᠤᠳ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠪᠠᠷ᠎ᠠ ᠪᠣᠯᠣᠯᠭ᠎ᠠ ᠲᠠᠢ ᠪᠠᠷ ᠴᠢᠩ ᠱᠦᠢ ᠾᠧ ᠰᠢᠶᠠᠨ ᠤ ᠰᠣᠶᠣᠯ ᠲᠠᠮᠢᠷ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠲᠣᠭᠤᠷᠢᠨ ᠦᠵᠡᠵᠦ᠂ ︽ᠨᠢᠭᠡ ᠳᠡᠪᠲᠡᠷ ᠨᠣᠮ ᠤᠩᠰᠢᠬᠤ︾ ᠶᠠᠪᠤᠴᠠ ᠳᠤ᠂ ᠵᠡᠮᠳᠡᠭ᠌ᠴᠤᠳ ᠲᠤ ᠨᠢᠭᠡ ᠳᠡᠪᠲᠡᠷ ᠤᠷᠮᠠᠰᠢᠭᠤᠯᠤᠨ ᠵᠣᠷᠢᠭᠵᠢᠭᠤᠯᠬᠤ ᠨᠣᠮ ᠪᠣᠯᠣᠨ ᠺᠢᠨᠣ᠋ ᠦᠵᠡᠬᠦ ᠺᠠᠷᠲ ᠬᠦᠷᠭᠡᠨ ᠥᠭᠴᠦ᠂ ᠲᠡᠳᠡᠨ ᠤ ᠨᠣᠮ ᠠᠴᠠ ᠠᠮᠢ ᠨᠠᠰᠤᠨ ᠤ ᠤᠳᠬ᠎ᠠ ᠠᠭᠤᠯᠭ᠎ᠠ ᠶᠢ ᠣᠯᠵᠤ ᠤᠩᠰᠢᠬᠤ ᠶᠢᠨ ᠬᠠᠮᠲᠤ ︽ᠤᠭ ᠰᠠᠨᠠᠭ᠎ᠠ︾ ᠪᠠᠨ ᠪᠠᠷᠢᠮᠲᠠᠯᠠᠬᠤ ᠶᠢ ᠬᠦᠰᠡᠪᠡ᠂ ᠡᠭᠦᠨ ᠠᠴᠠ ᠭᠠᠳᠠᠨ᠎ᠠ᠂ ᠤᠯᠠᠭᠠᠨᠮᠥ᠋ᠴᠢᠷ ᠤᠨ ᠲᠣᠭᠯᠠᠭᠴᠢᠳ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠤᠬᠠᠢ ᠶᠢᠨ ᠲᠠᠯᠠᠪᠤᠷ ᠲᠤ ᠬᠡᠰᠡᠭ ᠬᠡᠰᠡᠭ ᠠᠯᠠᠭ᠎ᠠ ᠲᠡᠰᠢᠯᠲᠡ ᠶᠢ ᠣᠯᠪᠠ᠃      ᠲᠣᠰ ᠤᠳᠠᠭᠠᠨ ᠤ ᠠᠵᠢᠯᠯᠠᠭ᠎ᠠ ᠨᠢ ᠮᠠᠰᠢ ᠰᠠᠶᠢᠨ ᠨᠡᠶᠢᠭᠡᠮ ᠤᠨ ᠠᠴᠢ ᠬᠤᠯᠪᠣᠭᠳᠠᠯ ᠲᠠᠢ ᠪᠠᠶᠢᠵᠤ᠂ ᠵᠡᠮᠳᠡᠭ᠌ᠴᠤᠳ ᠤᠨ ᠬᠠᠷᠠᠭ᠎ᠠ ᠶᠢ ᠥᠷᠭᠡᠳᠬᠡᠵᠦ᠂ ᠠᠮᠢᠳᠤᠷᠠᠯ ᠤᠨ ᠢᠲᠡᠭᠡᠯ ᠢ ᠨᠢ ᠨᠡᠮᠡᠭᠳᠡᠭᠦᠯᠦᠨ᠂ ᠲᠡᠳᠡᠨ ᠤ ᠨᠠᠩ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠠᠭᠤᠰᠤᠨ ᠣᠷᠣᠬᠤ ᠶᠢ ᠠᠬᠢᠭᠤᠯᠵᠤ᠂ ᠬᠡᠵᠢᠶᠡᠳᠡ ᠪᠠᠭᠤᠵᠤ ᠥᠭᠬᠦ ᠦᠭᠡᠢ ᠵᠣᠷᠢᠭ ᠰᠠᠨᠠᠭ᠎ᠠ ᠪᠠᠷ ᠨᠠᠩ ᠰᠠᠶᠢᠨ ᠠᠮᠢᠳᠤᠷᠠᠬᠤ ᠶᠢᠨ ᠲᠥᠯᠥᠭᠡ ᠴᠢᠷᠮᠠᠶᠢᠨ ᠲᠡᠮᠡᠴᠡᠬᠦ ᠶᠢ ᠠᠬᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠦᠷᠭᠦᠯᠵᠢᠯᠡᠨ ᠵᠡᠮᠳᠡᠭᠴᠦᠳ ᠤᠨ ᠰᠣᠶᠣᠯ ᠤᠨ ᠡᠷᠬᠡ ᠠᠰᠢᠭ ᠢ ᠪᠠᠲᠤᠯᠠᠬᠤ᠂ ᠵᠡᠮᠳᠡᠭᠴᠦᠳ ᠤᠨ ᠰᠣᠶᠣᠯ ᠤᠨ ᠬᠡᠷᠡᠭᠴᠡᠭᠡ ᠶᠢ ᠬᠠᠩᠭᠠᠬᠤ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠥᠷᠭᠡᠨ ᠤᠯᠠᠨ ᠵᠡᠮᠳᠡᠭᠴᠦᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠪᠦᠬᠦ ᠨᠡᠶᠢᠭᠡᠮ ᠳᠤ ᠵᠡᠮᠳᠡᠭᠴᠦᠳ ᠢ ᠲᠡᠳᠬᠦᠵᠦ ᠵᠡᠮᠳᠡᠭᠴᠦᠳ ᠢ ᠬᠠᠪᠰᠤᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠰᠢᠶᠠᠨ ᠤ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1