ᠵᠠᠩ ᠺᠧ ᠯᠢᠩ᠄ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/28
     4 ᠳ᠋ᠦ᠋ᠭᠡᠷ ᠰᠠᠷ᠎ᠠ ᠶᠢᠨ 27  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠺᠧ ᠯᠢᠩ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠣᠷᠣᠨ ᠰᠠᠭᠤᠴᠠ ᠶᠢᠨ ᠲᠦᠷᠦᠯ ᠵᠦᠢᠯ᠂ ᠵᠢᠦᠢ ᠪᠦᠦ ᠵᠤᠸᠠᠩ ᠤᠨ ᠢᠩᠲᠣᠣᠷ ᠤᠨ ᠲᠠᠷᠢᠮᠠᠯ ᠤᠨ ᠰᠠᠭᠤᠷᠢᠨ ᠭᠠᠵᠠᠷ᠂ ᠾᠦᠨ ᠾᠧ ᠲᠠᠨ ᠤ ᠤᠳᠤ ᠦᠶ᠎ᠡ ᠶᠢᠨ ᠲᠥᠬᠦᠭᠡᠷᠦᠮᠵᠢ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠪᠣᠯᠣᠨ ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃      ᠣᠶᠢᠷ᠎ᠠ ᠶᠢᠨ ᠵᠢᠯ ᠠᠴᠠ᠂ ᠴᠢᠩ ᠱᠦᠢ ᠾᠧ ᠰᠢᠶᠠᠨ︽ᠡᠷᠡᠭᠦᠯ ᠡᠩᠬᠡ ᠴᠢᠩ ᠱᠦᠢ ᠾᠧ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠩ ᠭᠦᠢᠴᠡᠳ ᠪᠣᠯᠭᠠᠵᠤ᠂ ᠰᠢᠶᠠᠨ ᠤ ᠳᠣᠲᠣᠭᠠᠳᠤ ᠳᠤ ᠡᠮᠨᠡᠭᠦᠯᠦᠭᠰᠡᠨ ᠨᠤᠷᠮ᠎ᠠ 92% ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠵᠠᠩ ᠺᠧ ᠯᠢᠩ ᠴᠢᠬᠤᠯᠠᠴᠢᠯᠠᠭᠰᠠᠨ ᠨᠢ᠂ ᠠᠷᠠᠳ ᠲᠦᠮᠡᠨ ᠤ ᠡᠷᠡᠭᠦᠯ ᠮᠡᠨᠳᠦ  ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠡᠷᠡᠭᠦᠯ ᠮᠡᠨᠳᠦ ᠶᠢ ᠪᠥᠬᠦ ᠲᠠᠯ᠎ᠠ ᠪᠠᠷ᠂ ᠪᠥᠬᠦ ᠦᠶᠡᠯᠡᠯ ᠤᠨ ᠬᠤᠭᠤᠴᠠᠭ᠎ᠠ ᠲᠠᠢ ᠪᠠᠷ ᠪᠠᠲᠤᠯᠠᠵᠤ᠂ ᠡᠮᠨᠡᠯᠭᠡ ᠶᠢᠨ ᠬᠤᠷᠢᠶ᠎ᠠ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠭᠡᠬᠦ ᠡᠨᠡ ᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠦᠨᠡᠨᠬᠦ ᠪᠠᠲᠤᠯᠠᠵᠤ᠂ ᠰᠠᠶᠢᠨ ᠶᠠᠪᠤᠳᠠᠯ ᠢ ᠦᠨᠡᠨᠬᠦ ᠰᠠᠶᠢᠲᠤᠷ ᠬᠢᠵᠦ᠂ ᠪᠣᠳᠠᠲᠤ ᠶᠠᠪᠤᠳᠠᠯ ᠢ ᠦᠨᠡᠨᠬᠦ ᠪᠣᠳᠠᠲᠠᠢ ᠪᠠᠷ ᠬᠢᠵᠦ᠂ ᠡᠷᠲᠡᠬᠡᠨ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠰᠢᠶᠠᠨ ᠤ ᠬᠡᠪᠴᠢᠶᠡᠨ ᠤ ᠣᠯᠠᠨ ᠲᠠᠰ ᠳᠠᠪᠬᠤᠷᠭ᠎ᠠ ᠶᠢᠨ ᠣᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠵᠠᠩ ᠺᠧ ᠯᠢᠩ ᠴᠢᠬᠤᠯᠠᠴᠢᠯᠠᠭᠰᠠᠨ ᠨᠢ᠂ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠪᠣᠯ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ᠰᠢᠨᠵᠢᠯᠡᠬᠦ ᠤᠬᠠᠭᠠᠨᠴᠢ ᠪᠠᠷ ᠨᠠᠷᠢᠯᠢᠭᠵᠢᠭᠤᠯᠬᠤ ᠬᠠᠮᠢᠶᠠᠷᠤᠯᠲᠠ ᠶᠢ ᠪᠠᠷᠢᠮᠲᠠᠯᠠᠵᠤ᠂ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠲᠥᠬᠦᠭᠡᠷᠦᠮᠵᠢᠲᠦ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠣᠯᠣᠨ ᠥᠷᠢᠰᠦᠯᠳᠦᠬᠦ ᠬᠦᠴᠦᠨ ᠢ ᠦᠨᠡᠨᠬᠦ ᠳᠡᠭᠡᠭᠰᠢᠯᠡᠭᠦᠯᠵᠦ᠂ ᠲᠠᠷᠢᠶᠠᠴᠢᠨ ᠲᠦᠮᠡᠨ ᠤ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ᠂ ᠤᠳᠤ ᠦᠶ᠎ᠡ ᠶᠢᠨ ᠲᠠᠷᠢᠶᠠᠯᠠᠩ ᠢ ᠪᠦᠲᠦᠭᠡᠨ ᠪᠠᠶᠢᠭᠤᠯᠬᠤ ᠢᠳᠡᠪᠬᠢᠵᠢᠯ ᠪᠣᠯᠣᠨ ᠰᠠᠨᠠᠭᠠᠴᠢᠯᠠᠭᠠᠲᠤ ᠴᠢᠨᠠᠷ ᠢ ᠢᠳᠡᠪᠬᠢᠲᠡᠢ ᠲᠠᠶᠢᠴᠢᠯᠠᠵᠦ᠂ ᠴᠢᠩ ᠱᠦᠢ ᠾᠧ ᠰᠢᠶᠠᠨ ᠤ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢ︽ᠰᠠᠶᠢᠨ ᠦᠨ᠎ᠡ ᠬᠠᠩᠰᠢ︾ ᠲᠠᠢ‌ᠬᠤᠳᠠᠯᠳᠤᠨ ᠭᠠᠷᠭᠠᠵᠤ᠂︽ᠥᠨᠳᠥᠷ ᠦᠷ᠎ᠡ ᠠᠰᠢᠭ︾ ᠢ ᠠᠪᠴᠢᠷᠠᠵᠤ᠂ ᠲᠥᠬᠦᠭᠡᠷᠦᠮᠵᠢᠲᠦ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠂ ᠤᠯᠠᠨ ᠲᠦᠮᠡᠨ ᠢ ᠦᠨᠡᠨᠬᠦ ᠴᠢᠨᠡᠭᠡᠯᠢᠭᠵᠢᠭᠦᠯᠬᠦ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1