ᠬᠥᠬᠡᠬᠤᠲᠠ ᠵᠠᠰᠠᠭ ᠠᠯᠪᠠᠨ ᠥᠰᠥᠭ ﹇2024﹈ 14 ᠳ᠋ᠦ᠋ᠭᠡᠷ ᠲᠣᠭᠠᠲᠤ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ | ᠬᠤᠲᠠ ᠶᠢ ᠪᠦᠲᠦᠭᠡᠨ ᠪᠠᠶᠢᠭᠤᠯᠬᠤ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠳ᠋ᠤᠭᠠᠷ ᠰᠠᠷ᠎ᠠ ᠶᠢᠨ 26 ᠤ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠥᠬᠡᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠬᠤᠲᠠ ᠶᠢ | ᠪᠦᠲᠦᠭᠡᠨ ᠪᠠᠶᠢᠭᠤᠯᠬᠤ ᠲᠥᠰᠥᠯ | ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ︾ ︵ᠬᠥᠭᠵᠢᠭᠦᠯᠦᠯᠲᠡ ᠥᠭᠡᠷᠡᠴᠢᠯᠡᠯᠲᠡ ᠠᠵᠤ ᠠᠬᠤᠢ | ᠠᠷᠠᠯᠵᠢᠶ᠎ᠠ ﹇2022﹈ 78 ᠳ᠋ᠤᠭᠠᠷ ᠲᠣᠭᠠᠲᠤ︶᠂ ︽ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠬᠤ ᠬᠤᠲᠠ ᠶᠢ ᠪᠠᠶᠢᠷᠢᠰᠢᠭᠤᠯᠤᠨ ᠪᠦᠲᠦᠭᠡᠨ ᠪᠠᠶᠢᠭᠤᠯᠬᠤ ᠲᠤᠬᠠᠢ ᠮᠡᠳᠡᠭᠳᠡᠯ︾ ᠤᠨ | ᠵᠣᠷᠢᠭ ᠰᠠᠨᠠᠭ᠎ᠠ ᠶᠢ ᠭᠦᠢᠴᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠲᠣ ᠦᠶ᠎ᠡ ᠶᠢᠨ ᠭᠦᠢᠯᠭᠡᠭᠡᠨ ᠤ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ | ᠲᠣᠰ ᠲᠥᠰᠥᠯ ᠢ ᠲᠣᠭᠲᠠᠭᠠᠪᠠ᠃ | ᠨᠢᠭᠡ᠂ ᠭᠦᠢᠯᠭᠡᠭᠡᠨ ᠤ ᠲᠤᠯᠭᠠᠭᠤᠷᠢᠯᠠᠬᠤ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ | ︵ᠨᠢᠭᠡ︶ ᠪᠦᠲᠦᠭᠡᠨ ᠪᠠᠶᠢᠭᠤᠯᠬᠤ ᠶᠡᠷᠦᠩᠬᠡᠢ ᠬᠠᠷᠠᠯᠲᠠ | 2035 ᠣᠨ ᠪᠣᠯᠬᠤ ᠳᠤ᠂ ᠣᠳᠣ ᠦᠶ᠎ᠡ ᠶᠢᠨ ᠭᠦᠢᠯᠭᠡᠭᠡ ᠪᠣᠯᠣᠨ ᠭᠤᠣᠯᠳᠠᠯᠭ᠎ᠠ ᠲᠠᠢ ᠠᠵᠤ ᠦᠢᠯᠡᠰ | ᠪᠦᠬᠦ ᠲᠠᠯ᠎ᠠ ᠪᠠᠷ ᠠᠭᠤᠰᠤᠯᠴᠠᠨ᠂ ᠬᠠᠷᠢᠯᠴᠠᠨ ᠠᠬᠢᠭᠤᠯᠵᠤ᠂ ᠪᠥᠬᠦ ᠣᠷᠣᠨ ᠤ ᠡᠬᠢ ᠪᠠᠶᠠᠯᠢᠭ ᠤᠨ ᠬᠦᠴᠦᠨ | ᠵᠦᠢᠯ ᠤᠨ ᠭᠦᠢᠯᠭᠡᠭᠡᠨ ᠤ ᠳᠤᠮᠳᠠ ᠮᠠᠨ ᠤ ᠬᠤᠲᠠ ᠶᠢᠨ ᠭᠤᠣᠯ ᠬᠦᠢᠰᠦ ᠶᠢᠨ ᠴᠢᠳᠠᠮᠵᠢ ᠨᠠᠩ ᠲᠣᠪᠣᠶᠢᠮ᠎ᠠ ᠪᠣᠯᠵᠤ᠂ | ᠵᠡᠭᠦᠨ ᠪᠠᠷᠠᠭᠤᠨ ᠢ ᠬᠤᠯᠪᠣᠭᠰᠠᠨ᠂ ᠡᠮᠦᠨ᠎ᠡ ᠤᠮᠠᠷ᠎ᠠ ᠶᠢ ᠨᠡᠪᠲᠡᠷᠡᠭᠦᠯᠦᠭᠰᠡᠨ᠂ ᠪᠥᠬᠦ ᠤᠯᠤᠰ ᠢ ᠨᠥᠯᠥᠭᠡᠯᠡᠭᠰᠡᠨ | ᠴᠢᠬᠤᠯᠠ ᠭᠦᠢᠯᠭᠡᠭᠡᠨ ᠤ ᠲᠤᠯᠭᠠᠭᠤᠷᠢᠯᠠᠬᠤ ᠬᠤᠲᠠ ᠪᠣᠯᠭᠠᠨ ᠪᠦᠲᠦᠭᠡᠨ ᠪᠠᠶᠢᠭᠤᠯᠵᠤ᠂ ᠪᠥᠬᠦ ᠠᠵᠤ ᠦᠢᠯᠡᠰ ᠤᠨ | ᠬᠡᠯᠬᠢᠶ᠎ᠡ ᠶᠢᠨ ᠭᠦᠢᠯᠭᠡᠭᠡ᠂ ᠪᠥᠬᠦ ᠬᠦᠴᠦᠨ ᠵᠦᠢᠯ ᠤᠨ ᠭᠦᠢᠯᠭᠡᠭᠡ᠂ ᠪᠥᠬᠦ ᠶᠠᠪᠤᠴᠠ ᠶᠢᠨ ᠭᠦᠢᠯᠭᠡᠭᠡ᠂ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠭᠦᠢᠯᠭᠡᠭᠡ᠂ ᠪᠥᠬᠦ ᠲᠠᠯ᠎ᠠ ᠶᠢᠨ ᠨᠡᠭᠡᠭᠡᠯᠲᠡ ᠲᠠᠢ ᠭᠦᠢᠯᠭᠡᠭᠡ ᠶᠢᠨ ᠣᠲᠣ | ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠦᠷᠢᠯᠳᠦᠭᠦᠯᠦᠨ᠎ᠡ᠃ | ︵ᠬᠤᠶᠠᠷ︶ ᠪᠦᠲᠦᠭᠡᠨ ᠪᠠᠶᠢᠭᠤᠯᠬᠤ ᠱᠠᠲᠤ ᠦᠶ᠎ᠡ ᠶᠢᠨ ᠴᠢᠨᠠᠷᠲᠠᠢ ᠬᠠᠷᠠᠯᠲᠠ | 2025 ᠣᠨ ᠪᠣᠯᠬᠤ ᠳᠤ᠂ ᠪᠦᠬᠦ ᠬᠤᠲᠠ ᠶᠢᠨ ᠣᠳᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠠᠩᠬ᠎ᠠ | ᠠᠯᠬᠤᠮ ᠪᠠᠶᠢᠭᠤᠯᠤᠭᠳᠠᠵᠤ᠂ ᠲᠠᠸᠠᠷ ᠪᠣᠯᠣᠨ ᠡᠯᠧᠮᠧᠨ᠋ᠲ ᠤᠨ ᠣᠷᠣᠨ ᠪᠦᠰᠡ ᠠᠯᠤᠰᠯᠠᠭᠰᠠᠨ ᠭᠦᠢᠯᠭᠡᠭᠡ ᠨᠡᠩ | ᠤᠷᠤᠭᠰᠢᠲᠠᠢ ᠪᠣᠯᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠥᠨᠳᠥᠷ ᠪᠦᠲᠦᠮᠵᠢᠲᠡᠶ ᠡᠷᠴᠢᠮᠵᠢᠭᠰᠡᠨ ᠣᠳᠣ | ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠰᠢᠰᠲ᠋ᠧᠮᠵᠢ ᠦᠨᠳᠦᠰᠦᠨ ᠳᠡᠭᠡᠨ ᠪᠠᠶᠢᠭᠤᠯᠤᠭᠳᠠᠵᠤ᠂ ᠬᠤᠳᠠ | ᠬᠥᠳᠡᠭᠡ ᠶᠢ ᠨᠢᠭᠡ ᠴᠣᠭᠴᠠᠵᠢᠭᠰᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠭᠰᠠᠨ᠂ | ᠳᠣᠲᠣᠭᠠᠳᠤ ᠭᠠᠳᠠᠭᠠᠳᠤ ᠠᠷᠠᠯᠵᠢᠶ᠎ᠠ ᠬᠠᠷᠢᠯᠴᠠᠨ ᠠᠬᠢᠭᠤᠯᠤᠭᠰᠠᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ | ᠰᠢᠰᠲ᠋ᠧᠮᠵᠢ ᠦᠨᠳᠦᠰᠦᠨ ᠳᠡᠭᠡᠨ ᠪᠠᠶᠢᠭᠤᠯᠤᠭᠳᠠᠵᠤ᠂ ᠵᠠᠮ ᠲᠡᠭᠡᠭᠡᠪᠦᠷᠢ ᠶᠢᠨ ᠠᠴᠢᠶᠠᠨ ᠤ ᠴᠢᠳᠠᠪᠤᠷᠢ᠂ ᠮᠥᠩᠭᠦᠨ | ᠭᠦᠢᠯᠭᠡᠭᠡᠨ ᠤ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ | ᠲᠤᠯᠭᠠᠭᠤᠷᠢᠯᠠᠬᠤ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠤᠯᠤᠰ ᠠᠷᠠᠳ ᠤᠨ ᠠᠵᠤ ᠠᠬᠤᠢ ᠶᠢᠨ | ᠣᠷᠴᠢᠯ ᠢ ᠰᠠᠭᠠᠳ ᠦᠭᠡᠢ ᠨᠡᠪᠲᠡᠷᠡᠭᠦᠯᠬᠦ ᠳᠤ ᠦᠵᠡᠭᠦᠯᠬᠦ ᠰᠠᠭᠤᠷᠢ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠦᠢᠯᠡᠳᠦᠯ ᠢᠯᠡᠳᠲᠡ ᠳᠡᠭᠡᠭᠰᠢᠯᠡᠨ᠎ᠡ᠃ | ᠬᠤᠶᠠᠷ᠂ ᠭᠤᠣᠯᠯᠠᠬᠤ ᠭᠦᠢᠯᠭᠡᠭᠡᠨ ᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ | ᠲᠤᠯᠭᠠᠭᠤᠷᠢᠯᠠᠨ᠎ᠠ | ︵ᠨᠢᠭᠡ︶ ᠬᠦᠭᠵᠢᠯᠲᠡ ᠶᠢᠨ ᠪᠠᠶᠢᠷᠢ ᠳᠤᠭᠲᠠᠭᠠᠯᠲᠠ | ᠶᠡᠷᠦᠩᠬᠡᠶ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠬᠠᠯᠬᠠᠪᠴᠢ︾᠂ | ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ | ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ︽ᠨᠡᠪᠲᠡᠷᠡᠬᠦ ᠵᠠᠮ + ᠬᠦᠢᠰᠦ + ᠰᠦᠯᠵᠢᠶ᠎ᠡ︾ ᠶᠢᠨ | ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠰᠢᠰᠲ᠋ᠧᠮᠵᠢ ᠶᠢ ᠪᠠᠶᠢᠭᠤᠯᠬᠤ ᠶᠢ | ᠲᠤᠯᠭᠠᠭᠤᠷᠢᠯᠠᠬᠤ ᠶᠢᠨ ᠲᠣᠭᠤᠷᠢᠨ ᠳᠤ᠂ ᠬᠥᠬᠡᠬᠤᠲᠠ ᠶᠢᠨ ︽ᠨᠢᠭᠡ ᠪᠦᠰᠡ ᠨᠢᠭᠡ ᠵᠠᠮ︾ ᠤᠨ ᠳᠤᠮᠳᠠᠳᠤ ᠮᠣᠩᠭᠤᠯ | ᠣᠷᠣᠰ ᠤᠨ ᠠᠵᠤ ᠠᠬᠤᠶ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠬᠤᠲᠠ ᠶᠢᠨ ᠳᠠᠪᠠᠭᠤᠯᠢᠭ ᠢ | ᠪᠠᠳᠠᠷᠠᠭᠤᠯᠤᠨ᠂ ᠬᠥᠬᠡᠬᠤᠲᠠ ᠵᠢᠴᠢ ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠤᠨ ᠬᠤᠲᠠ ᠶᠢᠨ | ᠪᠥᠭᠡᠮᠨᠡᠷᠡᠯ ᠤᠨ ᠪᠠᠷᠠᠭᠠᠨ ᠤ ᠭᠦᠢᠯᠭᠡᠭᠡ ᠬᠢᠭᠡᠳ ᠠᠵᠤ ᠠᠬᠤᠶ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠬᠥᠲᠥᠯᠦᠨ ᠵᠢᠯᠣᠭᠤᠳᠬᠤ ᠳᠤ ᠰᠠᠭᠤᠷᠢᠯᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠵᠦ᠂ ᠤᠮᠠᠷᠠᠲᠤ ᠶᠢᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ᠂ ᠤᠮᠠᠷᠠᠲᠤ ᠬᠢᠯᠢ ᠶᠢᠨ ᠣᠯᠠᠨ ᠤᠯᠤᠰ ᠤᠨ | ᠬᠦᠢᠰᠦ᠂ ᠤᠯᠤᠰ ᠤᠨ ᠮᠠᠯ ᠠᠵᠤ ᠠᠬᠤᠶ ᠶᠢᠨ ᠮᠡᠷᠭᠡᠵᠢᠯ ᠤᠨ ᠲᠥᠪ ᠪᠠ ᠤᠮᠠᠷᠠᠲᠤ ᠶᠢᠨ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ ᠢ ᠴᠢᠨᠠᠷ ᠰᠠᠶᠢᠲᠠᠶ | ᠪᠠᠶᠢᠭᠤᠯᠤᠨ᠎ᠠ᠃ | ︵ᠬᠤᠶᠠᠷ︶ ᠭᠤᠣᠯ ᠦᠢᠯᠡᠳᠦᠯ | 1. ᠤᠮᠠᠷᠠᠲᠤ ᠶᠢᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠲᠥᠪᠯᠡᠷᠡᠭᠦᠯᠦᠨ ᠲᠠᠷᠬᠠᠭᠠᠬᠤ ᠲᠥᠪ᠄ ᠬᠥᠬᠡᠬᠤᠲᠠ ᠶᠢᠨ ᠡᠯᠪᠡᠭ ᠪᠠᠶᠠᠯᠢᠭ ᠲᠠᠷᠢᠶᠠᠯᠠᠩ ᠮᠠᠯ ᠠᠵᠤ ᠠᠬᠤᠢ ᠶᠢᠨ ᠡᠬᠢ | ᠪᠠᠶᠠᠯᠢᠭ ᠪᠠ ᠤᠯᠤᠰ ᠤᠨ ᠭᠤᠣᠯᠯᠠᠬᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠲᠤ | ᠲᠦᠰᠢᠭᠯᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠳᠠᠯᠳᠤᠨ ᠠᠪᠬᠤ᠂ ᠬᠠᠳᠠᠭᠠᠯᠠᠬᠤ᠂ | ᠡᠳ᠋ᠰᠢᠭᠦᠯᠬᠦ ᠪᠠ ᠪᠣᠷᠣᠯᠠᠭᠤᠯᠬᠤ ᠶᠢ ᠴᠢᠩᠭᠠᠳᠬᠠᠵᠤ᠂ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠵᠤ᠂ | ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ ᠪᠠ ᠥᠷᠲᠡᠭ ᠤᠨ ᠳᠡᠭᠡᠭᠰᠢᠯᠡᠯᠲᠡ ᠶᠢ ᠲᠦᠷᠭᠡᠳᠬᠡᠨ᠎ᠡ᠃ | 2. ᠤᠮᠠᠷᠠᠲᠤ ᠬᠢᠯᠢ ᠶᠢᠨ ᠣᠯᠠᠨ ᠤᠯᠤᠰ ᠤᠨ ᠬᠦᠢᠰᠦ᠄ ᠬᠥᠬᠡᠬᠤᠲᠠ ᠶᠢᠨ ᠳᠤᠮᠳᠠᠳᠤ ᠮᠣᠩᠭᠤᠯ ᠣᠷᠣᠰ | ᠬᠢᠭᠡᠳ ︽ᠬᠤᠶᠠᠷ ᠤᠮᠠᠷᠠᠲᠤ ᠨᠢᠭᠡ ᠪᠦᠯᠦᠭ︾ ᠤᠨ ᠥᠷᠥᠴᠡ ᠭᠠᠵᠠᠷ ᠣᠷᠣᠨ ᠳᠤ ᠬᠠᠨᠳᠤᠭᠤᠯᠤᠭᠰᠠᠨ ᠪᠠᠷᠠᠭᠠᠨ ᠤ | ᠭᠦᠢᠯᠭᠡᠭᠡᠨ ᠤ ᠰᠠᠶᠢᠨ ᠰᠠᠶᠢᠬᠠᠨ ᠣᠷᠣᠨ ᠪᠠᠶᠢᠷᠢ ᠵᠢᠴᠢ ᠪᠠᠷᠠᠭᠤᠨ ᠬᠡᠰᠡᠭ ᠤᠨ ᠬᠠᠭᠤᠷᠠᠢ ᠲᠡᠯᠡᠶ ᠶᠢᠨ ᠰᠢᠨ᠎ᠡ | ᠨᠡᠪᠲᠡᠷᠡᠬᠦ ᠵᠠᠮ ᠤᠨ ᠤᠮᠠᠷᠠᠰᠢ ᠬᠤᠯᠪᠤᠭᠠᠯᠠᠨ ᠬᠥᠳᠡᠯᠦᠯᠴᠡᠬᠦ ᠴᠢᠬᠤᠯᠠ ᠵᠠᠩᠭᠢᠯᠠᠭ᠎ᠠ ᠶᠢᠨ ᠴᠡᠭ ᠲᠤ ᠲᠦᠰᠢᠭᠯᠡᠨ᠂ | ᠪᠠᠷᠠᠭᠠᠨ ᠤ ᠭᠦᠢᠯᠭᠡᠭᠡᠨ ᠤ ᠬᠦᠢᠰᠦ ᠶᠢᠨ ᠦᠢᠯᠡᠳᠦᠯ ᠢ ᠪᠠᠳᠠᠷᠠᠭᠤᠯᠵᠤ᠂ ᠪᠠᠷᠠᠭᠠᠨ ᠤ ᠭᠦᠢᠯᠭᠡᠭᠡᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠲᠦᠷᠭᠡᠨ ᠭᠦᠢᠯᠭᠡᠭᠡᠨ ᠢ ᠠᠬᠢᠭᠤᠯᠤᠨ᠎ᠠ᠃ | 3. ᠤᠯᠤᠰ ᠤᠨ ᠮᠠᠯ ᠠᠵᠤ ᠠᠬᠤᠢ ᠶᠢᠨ ᠮᠡᠷᠭᠡᠵᠢᠯ ᠤᠨ ᠲᠥᠪ᠄ ᠬᠥᠬᠡᠬᠤᠲᠠ ᠶᠢᠨ ᠰᠦ ᠶᠢᠨ ᠠᠵᠤ ᠦᠢᠯᠡᠰ | ᠂ ᠡᠪᠡᠰᠦᠨ ᠦᠷ᠎ᠡ ᠶᠢᠨ ᠠᠵᠤ ᠦᠢᠯᠡᠰ᠂ ᠮᠠᠯ ᠤᠨ ᠸᠠᠺᠼᠢᠨ ᠤ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ | ᠪᠥᠬᠦ ᠤᠯᠤᠰ ᠤᠨ ᠭᠠᠷᠤᠯᠲᠠ ᠶᠢᠨ ᠣᠷᠣᠨ ᠳᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠬᠡᠷᠡᠭᠰᠡᠬᠦ | ᠬᠠᠮᠤᠭ ᠤᠨ ᠲᠡᠷᠢᠭᠦᠨ ᠤ ᠮᠡᠷᠭᠡᠵᠢᠯ ᠪᠠ ᠴᠢᠬᠤᠯᠠ ᠳᠡᠮᠵᠢᠯᠭᠡ ᠬᠠᠩᠭᠠᠨ᠎ᠠ᠃ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ | ᠦᠢᠯᠡᠴᠢᠯᠡᠭᠡᠨ ᠤ ᠲᠥᠪ ᠪᠣᠯᠣᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠲᠥᠪ ᠢ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠣᠳᠣᠬᠢᠴᠢᠯᠠᠯᠲᠠ ᠪᠠ ᠥᠨᠳᠥᠷ ᠠᠰᠢᠭᠯᠠᠮᠵᠢ ᠶᠢ ᠠᠬᠢᠭᠤᠯᠤᠨ᠎ᠠ᠃ | 4. ᠤᠮᠠᠷᠠᠲᠤ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠮᠡᠳᠡᠭᠡ ᠵᠠᠩᠭᠢ ᠶᠢᠨ | ᠦᠢᠯᠡᠴᠢᠯᠡᠭᠡᠨ ᠤ ᠲᠥᠪ᠄ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠮᠡᠳᠡᠭᠡ ᠵᠠᠩᠭᠢ ᠶᠢᠨ | ᠲᠠᠪᠴᠠᠩ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ ᠢ | ᠪᠠᠶᠢᠭᠤᠯᠬᠤ ᠪᠠᠷ ᠳᠠᠮᠵᠢᠭᠤᠯᠤᠨ᠂ ᠪᠥᠬᠦ ᠤᠯᠤᠰ ᠲᠤ ᠬᠠᠨᠳᠤᠭᠤᠯᠤᠨ ᠴᠢᠬᠤᠯᠠ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠲᠠᠷᠢᠶᠠᠯᠠᠩ ᠤᠨ ᠮᠡᠷᠭᠡᠵᠢᠯ ᠤᠨ ᠮᠡᠳᠡᠭᠡ | ᠵᠠᠩᠭᠢ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ᠮᠡᠳᠡᠭᠡ ᠵᠠᠩᠭᠢ ᠵᠡᠷᠭᠡ ᠶᠢ | ᠬᠠᠩᠭᠠᠵᠤ᠂ ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠴᠠᠭ ᠲᠤᠬᠠᠢ ᠶᠢᠨ ᠮᠡᠳᠡᠭᠡ | ᠵᠠᠩᠭᠢ ᠶᠢᠨ ᠳᠡᠮᠵᠢᠯᠭᠡ ᠬᠠᠩᠭᠠᠵᠤ᠂ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠣᠨᠣᠪᠴᠢᠲᠠᠢ ᠵᠣᠯᠭᠠᠭᠤᠯᠤᠨ᠎ᠠ᠃ | ᠭᠤᠷᠪᠠ᠂ ᠲᠠᠸᠠᠷ ᠪᠣᠯᠣᠨ ᠡᠬᠢ ᠪᠠᠶᠠᠯᠢᠭ ᠤᠨ ᠬᠦᠴᠦᠨ ᠵᠦᠢᠯ ᠤᠨ ᠭᠦᠢᠯᠭᠡᠭᠡᠨ ᠤ ᠣᠷᠴᠢᠨ ᠲᠣᠭᠤᠷᠢᠨ ᠢ | ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ | ︵ᠨᠢᠭᠡ︶ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠣᠲᠣ ᠶᠢᠨ ᠪᠠᠶᠢᠭ᠎ᠠ ᠬᠢᠨᠠᠨ ᠵᠥᠪᠰᠢᠶᠡᠷᠡᠬᠦ ᠴᠤᠪᠤᠷᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠴᠢᠬᠤᠯᠠ ᠪᠤᠰᠤ | ᠵᠠᠩᠭᠢᠯᠠᠭ᠎ᠠ ᠶᠢ ᠦᠭᠡᠶᠢᠰᠬᠡᠵᠦ᠂ ᠰᠢᠨᠵᠢᠯᠡᠬᠦ ᠤᠬᠠᠭᠠᠨᠴᠢ ᠪᠤᠰᠤ ᠲᠠᠰ ᠳᠠᠷᠠᠭᠠᠯᠠᠯ ᠢ ᠲᠡᠭᠦᠯᠳᠡᠷᠵᠢᠭᠦᠯᠦᠨ᠂ ᠬᠢᠨᠠᠨ | ᠵᠥᠪᠰᠢᠶᠡᠷᠡᠬᠦ ᠴᠠᠭ ᠢ ᠤᠯᠠᠮ ᠨᠢᠭᠡ ᠠᠯᠬᠤᠮ ᠪᠣᠭᠤᠨᠢᠰᠬᠠᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ | ᠬᠤᠳᠠᠯᠳᠤᠭᠠᠨ ᠤ ᠶᠠᠪᠤᠳᠠᠯ ᠤᠨ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠢᠨᠠᠨ | ᠪᠠᠶᠢᠴᠠᠭᠠᠵᠤ᠂ ᠪᠥᠬᠦ ᠤᠯᠤᠰ ᠤᠨ ᠨᠢᠭᠡᠳᠦᠯᠲᠡᠢ ᠶᠡᠭᠡ ᠵᠠᠬ᠎ᠠ ᠳᠡᠯᠭᠡᠭᠦᠷ ᠤᠨ ᠪᠠᠶᠢᠭᠤᠯᠤᠯᠲᠠ ᠪᠠ ᠣᠲᠣ ᠦᠶ᠎ᠡ ᠶᠢᠨ | ᠭᠦᠢᠯᠭᠡᠭᠡᠨ ᠤ ᠰᠢᠰᠲ᠋ᠧᠮᠵᠢ ᠶᠢᠨ ᠬᠥᠭᠵᠢᠯᠲᠡ ᠶᠢᠨ ᠵᠢᠮ᠎ᠡ ᠶᠣᠰᠣ ᠠᠴᠠ ᠵᠥᠷᠢᠴᠡᠭᠰᠡᠨ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠢ ᠬᠦᠴᠦᠨ ᠦᠭᠡᠢ ︵ᠵᠠᠰᠠᠪᠤᠷᠢ ᠣᠷᠣᠭᠤᠯᠤᠨ᠎ᠠ︶ ᠪᠣᠯᠭᠠᠨ᠎ᠠ᠃ ᠡᠭᠦᠨ ᠤ ᠬᠠᠮᠲᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯᠲᠠᠨ ᠤ ᠪᠣᠯᠪᠠᠰᠤᠷᠠᠭᠤᠯᠤᠯ ᠬᠠᠮᠢᠶᠠᠷᠤᠯᠲᠠ ᠶᠢ ᠴᠢᠩᠭᠠᠳᠬᠠᠵᠤ᠂ | ᠦᠢᠯᠡᠴᠢᠯᠡᠭᠡᠨ ᠤ ᠦᠷ᠎ᠡ ᠪᠦᠲᠦᠮᠵᠢ᠂ ᠦᠢᠯᠡᠴᠢᠯᠡᠭᠡᠨ ᠤ ᠬᠢᠷᠢ ᠲᠦᠪᠰᠢᠨ ᠵᠢᠴᠢ ᠦᠢᠯᠡᠴᠢᠯᠡᠭᠡᠨ ᠤ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠦᠨ᠎ᠡ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ | ᠬᠠᠷᠢᠭᠤᠴᠠᠨ᠎ᠠ︶ | ︵ᠬᠤᠶᠠᠷ︶ ᠭᠤᠥᠯᠴᠢ ᠪᠠᠷ ᠥᠷᠢᠰᠦᠯᠳᠦᠬᠦ ᠣᠷᠴᠢᠨ ᠲᠣᠭᠤᠷᠢᠨ ᠢ ᠪᠣᠶ ᠪᠣᠯᠭᠠᠨ᠎ᠠ᠃ ᠡᠳ᠋ ᠤᠨ ᠵᠠᠰᠠᠭ᠂ | ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ᠂ ᠠᠵᠢᠯ ᠲᠦᠷᠦᠯ ᠤᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠡᠷᠭᠡ ᠬᠤᠷᠸ᠎ᠠ᠂ ᠬᠤᠮᠠᠬᠢ ᠬᠦᠷᠢᠶᠡᠨ ᠳᠠᠬᠢ ᠲᠦᠷᠦ ᠶᠢᠨ ᠪᠣᠳᠣᠯᠭ᠎ᠠ ᠶᠢ ᠵᠣᠬᠢᠴᠠᠭᠤᠯᠤᠨ | ᠨᠡᠶᠢᠳᠬᠡᠬᠦ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠬᠤᠭᠤᠷᠣᠨᠳᠣᠬᠢ ᠮᠥᠷᠭᠦᠯᠳᠦᠭᠡᠨ ᠪᠠ ᠪᠠᠯᠠᠢ | ᠣᠷᠣᠨ ᠢ ᠠᠷᠢᠯᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠤᠨ᠂ ᠵᠠᠬ᠎ᠠ | ᠳᠡᠯᠭᠡᠭᠦᠷ ᠤᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ᠂ ᠠᠵᠢᠯ | ᠲᠦᠷᠦᠯ ᠤᠨ ᠨᠡᠶᠢᠭᠡᠮᠯᠢᠭ ᠪᠣᠯᠣᠨ ᠠᠵᠤ ᠠᠬᠤᠶᠢᠯᠠᠯ ᠤᠨ ᠬᠤᠭᠤᠷᠣᠨᠳᠣᠬᠢ ᠬᠠᠷᠢᠯᠴᠠᠭ᠎ᠠ ᠬᠠᠮᠵᠢᠯᠴᠠᠭ᠎ᠠ ᠶᠢ | ᠴᠢᠩᠭᠠᠳᠬᠠᠵᠤ᠂ ᠠᠵᠢᠯ ᠲᠦᠷᠦᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠤᠯᠠᠨ ᠤᠯᠤᠰ ᠤᠨ ᠵᠤᠷᠰᠢᠯ ᠳᠤ | ᠨᠡᠶᠢᠴᠡᠭᠰᠡᠨ ᠭᠦᠢᠯᠭᠡᠭᠡᠨ ᠤ ᠪᠠᠷᠢᠮᠵᠢᠶ᠎ᠠ ᠲᠣᠭᠲᠠᠭᠠᠬᠤ ᠶᠢ ᠵᠣᠷᠢᠭᠵᠢᠭᠤᠯᠤᠨ᠎ᠠ᠂ ᠡᠭᠦᠨ ᠳᠤ ᠶᠠᠰᠤ ᠴᠢᠨᠠᠷ ᠤᠨ | ᠪᠠᠷᠢᠮᠵᠢᠶ᠎ᠠ᠂ ᠦᠢᠯᠡᠴᠢᠯᠡᠭᠡᠨ ᠤ ᠪᠠᠷᠢᠮᠵᠢᠶ᠎ᠠ᠂ ᠠᠶᠤᠯᠭᠦᠢ ᠶᠢᠨ ᠪᠠᠷᠢᠮᠵᠢᠶ᠎ᠠ ᠵᠡᠷᠭᠡ ᠪᠠᠭᠲᠠᠨ᠎ᠠ᠃ ᠡᠭᠦᠨ ᠤ ᠬᠠᠮᠲᠤ᠂ | ᠪᠠᠷᠢᠮᠵᠢᠶ᠎ᠠ ᠶᠢᠨ ᠲᠤᠬᠠᠢ ᠤᠬᠠᠭᠤᠯᠭ᠎ᠠ ᠪᠠ ᠬᠡᠷᠡᠭᠵᠢᠭᠦᠯᠦᠯᠲᠡ ᠶᠢ ᠴᠢᠩᠭᠠᠳᠬᠠᠵᠤ᠂ ᠠᠵᠤ ᠠᠬᠤᠶᠢᠯᠠᠯ ᠪᠠ | ᠬᠡᠷᠡᠭᠯᠡᠭᠴᠢᠳ ᠤᠨ ᠪᠠᠷᠢᠮᠵᠢᠶ᠎ᠠ ᠶᠢᠨ ᠲᠤᠬᠠᠢ ᠦᠵᠡᠯ ᠤᠬᠠᠮᠰᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠵᠢᠷᠤᠮ | ᠲᠠᠢ ᠬᠥᠭᠵᠢᠯᠲᠡ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠨᠡᠭᠡᠭᠡᠯᠲᠡ ᠪᠠ ᠣᠷᠣᠨ ᠪᠦᠰᠡ ᠶᠢᠨ | ᠬᠠᠮᠲᠤᠷᠠᠯᠴᠠᠭ᠎ᠠ ᠶᠢ ᠢᠳᠡᠪᠬᠢᠲᠡᠢ ᠪᠠᠷ ᠠᠬᠢᠭᠤᠯᠵᠤ᠂ ᠡᠷᠬᠢᠨ ᠲᠣᠭᠤᠷᠢᠨ ᠤ ᠬᠤᠲᠠ᠂ ᠢᠯᠠᠩᠭᠤᠶ᠎ᠠ ᠪᠤᠭᠤᠲᠤ | ᠣᠷᠳᠣᠰ ᠤᠯᠠᠭᠠᠨᠴᠠᠪ ᠭᠤᠷᠪᠠᠨ ᠬᠤᠲᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠨᠢᠭᠡᠳᠦᠯᠲᠡᠢ ᠲᠠᠸᠠᠷ ᠪᠠ ᠦᠢᠯᠡᠴᠢᠯᠡᠭᠡᠨ ᠤ ᠵᠠᠬ᠎ᠠ ᠳᠡᠯᠭᠡᠭᠦᠷ ᠢ ᠬᠠᠮᠲᠤᠪᠠᠷ ᠪᠣᠶ ᠪᠣᠯᠭᠠᠨ᠎ᠠ᠃ ︵ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠤᠰᠢᠶᠠᠯ ᠬᠠᠷᠢᠭᠤᠴᠠᠯᠭ᠎ᠠ ᠶᠢᠨ | ᠶᠣᠰᠣᠭᠠᠷ ᠬᠤᠪᠢᠶᠠᠨ ᠬᠠᠷᠢᠭᠤᠴᠠᠨ᠎ᠠ︶ | ᠳᠥᠷᠪᠡ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ | ︵ᠨᠢᠭᠡ︶ ᠥᠨᠳᠥᠷ ᠪᠠᠷᠢᠮᠵᠢᠶ᠎ᠠ ᠲᠠᠢ ᠲᠠᠸᠠᠷ ᠤᠨ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠤᠨ᠎ᠠ | 1. ᠵᠠᠬ᠎ᠠ ᠳᠡᠯᠭᠡᠭᠦᠷ ᠤᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠠᠷᠭ᠎ᠠ ᠵᠠᠮ ᠢ ᠵᠣᠯᠭᠠᠭᠤᠯᠬᠤ ᠶᠢ | ᠴᠢᠩᠭᠠᠳᠬᠠᠨ᠎ᠠ᠃ ᠮᠧᠶ ᠲᠦᠩ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ | ᠸᠠᠨ ᠬᠤᠶ ᠲᠠᠷᠢᠶᠠᠯᠠᠩ ᠠᠷᠠᠯᠵᠢᠶ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠶᠢᠨ ᠬᠠᠢ ᠲᠡᠮᠦᠷᠯᠢᠭ ᠤᠨ | ᠮᠠᠰᠢᠨ ᠴᠠᠬᠢᠯᠭᠠᠨ ᠤ ᠬᠤᠲᠠ᠂ ᠷᠦᠨ ᠢᠦᠢ ᠭᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠵᠡᠷᠭᠡ ᠡᠯ᠎ᠡ | ᠲᠥᠷᠥᠯ ᠤᠨ ᠲᠠᠸᠠᠷ ᠤᠨ ᠵᠠᠬ᠎ᠠ ᠳᠡᠯᠭᠡᠭᠦᠷ ᠢ ᠬᠥᠲᠥᠯᠥᠨ ᠵᠢᠯᠤᠭᠤᠳᠴᠤ ᠪᠠᠶᠢᠭᠠᠳ ᠣᠲᠣ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠠᠬᠤᠢ ᠶᠢ ᠨᠡᠭᠡᠭᠡᠨ ᠬᠥᠭᠵᠢᠭᠦᠯᠵᠦ᠂ ᠤᠯᠠᠮᠵᠢᠯᠠᠯᠲᠤ ᠠᠷᠠᠯᠵᠢᠶ᠎ᠠ ᠶᠢᠨ | ᠠᠬᠤᠢ ᠶᠢ ᠲᠣᠭᠠᠴᠢᠯᠠᠨ ᠳᠠᠬᠢᠨ ᠴᠣᠭᠴᠠᠯᠠᠬᠤ ᠶᠢ ᠲᠦᠷᠭᠡᠳᠬᠡᠨ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢᠨ ᠵᠣᠬᠢᠴᠠᠯᠳᠤᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠸᠢᠴᠠᠲ ᠤᠨ ᠲᠠᠪᠴᠠᠩ ᠢ ᠰᠦᠪᠡᠭᠴᠢᠯᠡᠨ ᠪᠠᠶᠢᠭᠤᠯᠵᠤ᠂ ᠲᠣᠮᠣ | ᠬᠡᠯᠪᠡᠷᠢ ᠶᠢᠨ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠤᠨ ᠬᠠᠩᠭᠠᠯᠭ᠎ᠠ ᠶᠢᠨ ᠪᠠᠶᠢᠳᠠᠯ ᠪᠠ ᠲᠠᠷᠢᠶᠠᠯᠠᠩ ᠤᠨ | ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ | ᠬᠤᠷᠢᠶᠠᠩᠭᠤᠶᠢᠯᠠᠨ ᠨᠡᠶᠢᠲᠡᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ | ᠵᠣᠯᠭᠠᠭᠤᠯᠬᠤ ᠶᠢ ᠴᠢᠩᠭᠠᠳᠬᠠᠨ᠎ᠠ᠃ ᠣᠷᠣᠨ ᠪᠦᠰᠡ ᠶᠢᠨ ᠬᠤᠭᠤᠷᠣᠨᠳᠤᠬᠢ ᠦᠢᠯᠡᠳᠪᠦᠷᠢᠯᠡᠯ ᠪᠣᠷᠤᠯᠠᠭᠤᠯᠭ᠎ᠠ ᠶᠢᠨ | ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠦᠢᠯᠡᠳᠪᠦᠷᠢᠯᠡᠬᠦ᠂ ᠪᠣᠷᠣᠯᠠᠭᠤᠯᠬᠤ | ᠠᠵᠤ ᠠᠬᠤᠶᠢᠯᠠᠯ ᠤᠨ ᠬᠤᠭᠤᠷᠣᠨᠳᠤ ᠪᠠᠨ ᠲᠣᠭᠲᠠᠪᠤᠷᠢᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠵᠠᠮ | ᠪᠠᠶᠢᠭᠤᠯᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 2. ᠲᠠᠸᠠᠷ ᠤᠨ ᠵᠠᠬ᠎ᠠ ᠳᠡᠯᠭᠡᠭᠦᠷ ᠢ ᠰᠢᠯᠢᠳᠡᠭᠵᠢᠭᠦᠯᠦᠨ ᠲᠡᠰ ᠳᠡᠪᠰᠢᠭᠦᠯᠦᠨ᠎ᠡ᠃ ᠲᠠᠸᠠᠷ ᠤᠨ ᠵᠠᠬ᠎ᠠ | ᠳᠡᠯᠭᠡᠭᠦᠷ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠲᠤᠰᠬᠠᠢ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠵᠠᠬ᠎ᠠ | ᠳᠡᠯᠭᠡᠭᠦᠷ ᠤᠨ ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠲᠠᠰ ᠳᠡᠪᠰᠢᠭᠦᠯᠵᠦ᠂ ᠬᠥᠮᠥᠷᠭᠡᠯᠡᠨ ᠬᠠᠳᠠᠭᠠᠯᠠᠬᠤ᠂ | ᠢᠯᠭᠠᠬᠤ᠂ ᠡᠳ᠋ᠰᠢᠭᠦᠯᠬᠦ᠂ ᠲᠣᠬᠢᠷᠠᠭᠤᠯᠤᠨ ᠬᠦᠷᠭᠡᠬᠦ᠂ ᠬᠦᠢᠲᠡᠨ ᠬᠡᠯᠬᠢᠶ᠎ᠡ ᠵᠡᠷᠭᠡ ᠪᠠᠷᠠᠭᠠᠨ ᠤ ᠭᠦᠢᠯᠭᠡᠭᠡᠨ ᠤ | ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠪᠠᠷᠢᠮᠵᠢᠶ᠎ᠠ ᠲᠠᠪᠠᠭ᠂ ᠡᠷᠭᠢᠯᠳᠦᠭᠦᠯᠬᠦ ᠬᠠᠶᠢᠷᠴᠠᠭ ᠢ | ᠣᠷᠴᠢᠯᠳᠤᠭᠤᠯᠤᠨ ᠬᠠᠮᠲᠤ ᠪᠠᠷ ᠬᠡᠷᠡᠭᠯᠡᠬᠦ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠡᠯᠧᠺᠲᠷᠣᠨ | ᠠᠷᠠᠯᠵᠢᠶ᠎ᠠ ᠶᠢᠨ ᠳ᠋ᠦᠩᠨᠡᠨ ᠪᠤᠳᠤᠬᠤ ᠰᠢᠰᠲ᠋ᠧᠮ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ᠂ ᠲᠣᠮᠣ | ᠳ᠋ᠠᠶᠢᠲ᠋ᠠ ᠶᠢᠨ ᠲᠥᠪ ᠵᠡᠷᠭᠡ ᠲᠣᠭᠠᠴᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠎ᠠ᠃ ᠪᠡᠯᠡᠳᠬᠡᠮᠵᠢ ᠲᠥᠬᠦᠭᠡᠷᠦᠮᠵᠢ ᠶᠢ ᠡᠨᠧᠷᠭᠢ | ᠠᠷᠪᠢᠯᠠᠬᠤ ᠪᠣᠯᠭᠠᠨ ᠥᠭᠡᠷᠡᠴᠢᠯᠡᠬᠦ ᠶᠢ ᠵᠣᠷᠢᠭᠵᠢᠭᠤᠯᠵᠤ᠂ ᠪᠣᠬᠢᠷᠲᠤᠯ ᠦᠭᠡᠢ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠲᠦᠷᠦᠭᠦᠯᠡᠵᠦ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠲᠣᠪᠴᠢᠶ᠎ᠠ | ᠬᠠᠮᠵᠢᠯᠴᠠᠨ᠎ᠠ︶ | 3. ᠲᠣᠭᠠᠴᠢᠯᠠᠭᠰᠠᠨ ᠣᠶᠤᠨᠴᠢᠯᠠᠭᠰᠠᠨ ᠪᠡᠯᠡᠳᠬᠡᠮᠵᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠣᠲᠣ ᠦᠶ᠎ᠡ ᠶᠢᠨ ᠭᠦᠢᠯᠭᠡᠭᠡᠨ ᠤ ᠬᠦᠷᠢᠶᠡᠨ ᠳᠠᠬᠢ ᠠᠵᠢᠯ ᠲᠥᠷᠥᠯ ᠤᠨ ᠬᠤᠲᠠ ᠶᠢᠨ ᠱᠠᠲᠤᠨ ᠤ | ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠣᠲᠣ ᠶᠢᠨ ᠪᠠᠶᠢᠭ᠎ᠠ ᠪᠡᠯᠡᠳᠬᠡᠮᠵᠢ ᠶᠢ ᠥᠭᠡᠷᠡᠴᠢᠯᠡᠬᠦ ᠪᠠ ᠲᠠᠰ ᠳᠡᠪᠰᠢᠭᠦᠯᠬᠦ ᠶᠢ ᠴᠢᠩᠭᠠᠳᠬᠠᠵᠤ᠂ | ᠤᠯᠠᠮᠵᠢᠯᠠᠯᠲᠤ ᠭᠦᠢᠯᠭᠡᠭᠡᠨ ᠤ ᠪᠡᠯᠡᠳᠬᠡᠮᠵᠢ ᠶᠢ ᠣᠶᠤᠨᠴᠢᠯᠠᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠡᠭᠦᠨ ᠤ | ᠬᠠᠮᠲᠤ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ᠂ ᠬᠢᠮᠡᠯ ᠣᠶᠣᠨ ᠵᠡᠷᠭᠡ ᠮᠡᠷᠭᠡᠵᠢᠯ ᠢ | ᠥᠷᠭᠡᠨ ᠢᠶᠠᠷ ᠬᠡᠷᠡᠭᠯᠡᠨ ᠲᠣᠭᠠᠴᠢᠯᠠᠭᠰᠠᠨ ᠣᠶᠤᠨᠴᠢᠯᠠᠭᠰᠠᠨ ᠪᠡᠯᠡᠳᠬᠡᠮᠵᠢ ᠲᠥᠬᠦᠭᠡᠷᠦᠮᠵᠢ ᠳᠠᠬᠢ ᠣᠷᠣᠭᠤᠯᠤᠯᠲᠠ ᠶᠢᠨ | ᠡᠷᠴᠢᠮ ᠢ ᠴᠢᠩᠭᠠᠷᠠᠭᠤᠯᠵᠤ᠂ ᠣᠶᠤᠨᠴᠢᠯᠠᠭᠰᠠᠨ ᠬᠥᠮᠥᠷᠭᠡ᠂ ᠣᠶᠤᠨᠴᠢᠯᠠᠭᠰᠠᠨ ᠪᠠᠷᠠᠭᠠᠨ ᠤ ᠭᠦᠢᠯᠭᠡᠭᠡ᠂ | ᠣᠶᠤᠨᠴᠢᠯᠠᠭᠰᠠᠨ ᠲᠣᠬᠢᠷᠠᠭᠤᠯᠤᠨ ᠬᠦᠷᠭᠡᠬᠦ᠂ ᠣᠶᠤᠨᠴᠢᠯᠠᠭᠰᠠᠨ ᠵᠢᠵᠢᠭᠯᠡᠨ ᠬᠤᠳᠠᠯᠳᠤᠬᠤ ᠦᠵᠦᠭᠦᠷ ᠵᠡᠷᠭᠡ ᠶᠢ | ᠪᠠᠶᠢᠭᠤᠯᠵᠤ᠂ ᠭᠦᠢᠯᠭᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ | ᠲᠣᠮᠣ ᠳ᠋ᠠᠶᠢᠲ᠋ᠠ ᠶᠢᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠬᠤᠶᠠᠷ︶ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠦᠨ᠎ᠡ | 1. ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠣᠣᠷ ᠢ | ᠲᠡᠭᠦᠯᠳᠡᠷᠵᠢᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠲᠣᠮᠣ ᠬᠡᠯᠪᠡᠷᠢ ᠶᠢᠨ ᠵᠠᠬ᠎ᠠ | ᠳᠡᠯᠭᠡᠭᠦᠷ ᠢᠶᠠᠷ ᠭᠤᠣᠯ ᠪᠣᠯᠭᠠᠭᠰᠠᠨ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠶᠡᠷᠦᠩᠬᠡᠶᠢᠯᠡᠭᠰᠡᠨ | ᠬᠡᠯᠬᠢᠶ᠎ᠡ ᠬᠡᠳᠦ ᠳᠡᠯᠭᠡᠭᠦᠷ ᠢᠶᠠᠷ ᠰᠠᠭᠤᠷᠢ ᠪᠣᠯᠭᠠᠭᠰᠠᠨ᠂ ᠪᠠᠷᠢᠮᠵᠢᠶ᠎ᠠ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠪᠠ | ᠨᠡᠶᠢᠭᠡᠮ ᠲᠣᠭᠤᠷᠢᠭ ᠤᠨ ᠲᠥᠳᠡ ᠳᠡᠯᠭᠡᠭᠦᠷ ᠢᠶᠠᠷ ᠦᠵᠦᠭᠦᠷ ᠪᠣᠯᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ | ᠭᠦᠢᠯᠭᠡᠭᠡᠨ ᠤ ᠲᠣᠣᠷ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠮᠢᠩ ᠫᠢᠨ ᠹᠦ᠋᠂ ᠵᠦᠩ ᠨᠦᠩ ᠯᠢᠶᠠᠨ ᠵᠡᠷᠭᠡ | ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠠᠷᠭ᠎ᠠ ᠵᠠᠮ ᠢ ᠤᠯᠠᠮ | ᠨᠢᠭᠡ ᠠᠯᠬᠤᠮ ᠥᠷᠭᠡᠳᠬᠡᠨ᠂ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠵᠦᠢᠯ ᠢ ᠪᠠᠶᠠᠯᠢᠭᠵᠢᠭᠤᠯᠵᠤ᠂ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | 2. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ᠵᠠᠭᠪᠤᠷ ᠢ ᠥᠷᠭᠡᠳᠬᠡᠨ᠎ᠡ᠃ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ ᠪᠠ ᠡᠵᠡᠩᠨᠡᠨ | ᠪᠣᠷᠣᠯᠠᠭᠤᠯᠤᠯᠲᠠ ᠪᠠᠨ ᠴᠢᠩᠭᠠᠳᠬᠠᠨ᠂ ᠭᠦᠢᠯᠭᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠵᠡᠩᠨᠡᠯᠲᠡ ᠶᠢᠨ | ᠥᠪᠡᠷ ᠤᠨ ᠥᠷᠲᠡᠭ ᠢᠶᠠᠨ ᠪᠠᠭᠤᠷᠠᠭᠤᠯᠬᠤ ᠶᠢ ᠵᠣᠷᠢᠭᠵᠢᠭᠤᠯᠤᠨ᠎ᠠ᠃ ᠣᠬᠤᠷ ᠬᠡᠯᠬᠢᠶᠡᠨ ᠤ ᠭᠦᠢᠯᠭᠡᠭᠡᠨ ᠤ | ᠵᠠᠭᠪᠤᠷ ᠤᠨ ᠰᠢᠨ᠎ᠡ ᠶᠢ ᠡᠭᠦᠳᠴᠦ᠂ ᠭᠠᠷᠤᠯᠲᠠ ᠶᠢᠨ ᠣᠷᠣᠨ ᠤ ᠵᠠᠬ᠎ᠠ ᠳᠡᠯᠭᠡᠭᠦᠷ ᠪᠠ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠪᠡᠶᠡᠴᠢ ᠴᠣᠭᠴᠠ ᠶᠢ ᠬᠡᠳᠦ ᠳᠡᠯᠭᠡᠭᠦᠷ᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠬᠡᠷᠡᠭᠯᠡᠭᠡᠨ ᠤ | ᠦᠵᠦᠭᠦᠷ ᠲᠠᠢ ᠵᠣᠯᠭᠠᠭᠤᠯᠵᠤ᠂ ᠵᠠᠬᠢᠶᠠᠯᠠᠭ᠎ᠠ ᠶᠢᠨ ᠲᠠᠷᠢᠶᠠᠯᠠᠩ ᠢ ᠬᠥᠭᠵᠢᠭᠦᠯᠦᠨ᠎ᠡ᠃ ᠡᠭᠦᠨ ᠤ ᠬᠠᠮᠲᠤ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ | ᠰᠦᠪᠡᠭᠴᠢᠯᠡᠨ ᠪᠠᠶᠢᠭᠤᠯᠵᠤ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠯᠦᠭᠡ ᠢᠵᠢ ᠪᠦᠷᠢᠳᠦᠭᠰᠡᠨ | ᠭᠠᠷᠤᠯᠲᠠ ᠶᠢᠨ ᠣᠷᠣᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ | ᠬᠤᠪᠢᠶᠠᠨ ᠬᠠᠷᠢᠭᠤᠴᠠᠨ᠎ᠠ︶ | 3. ᠥᠪᠥᠷ ᠮᠣᠩᠭᠤᠯ ᠤᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ︽ | ᠭᠠᠳᠠᠭᠰᠢ ᠭᠠᠷᠬᠤ︾ ᠶᠢ ᠲᠦᠯᠬᠢᠨ ᠠᠬᠢᠭᠤᠯᠤᠨ᠎ᠠ᠃ ᠬᠥᠬᠡᠬᠤᠲᠠ ᠶᠢᠨ ᠴᠠᠭᠠᠨ ᠢᠳᠡᠭᠡ᠂ ᠠᠮᠢᠳᠤ ᠭᠠᠭ᠋ᠠᠢ᠂ | ᠢᠳᠡᠰᠢᠨ ᠦᠬᠡᠷ᠂ ᠢᠳᠡᠰᠢᠨ ᠬᠤᠨᠢ᠂ ᠲᠥᠮᠥᠰᠥ᠂ ᠢᠳᠡᠰᠢᠨ ᠨᠣᠭᠤᠭ᠎ᠠ᠂ ᠡᠯᠳᠡᠪ ᠠᠮᠤ ᠪᠠᠷ ᠭᠤᠣᠯ ᠪᠣᠯᠭᠠᠭᠰᠠᠨ | ᠪᠦᠬᠦ ᠠᠵᠤ ᠦᠢᠯᠡᠰ ᠤᠨ ᠬᠡᠯᠬᠢᠶ᠎ᠡ ᠶᠢᠨ ᠣᠷᠣᠨ ᠤ ᠲᠥᠪ ᠤᠨ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ | ᠲᠡᠮᠳᠡᠭᠲᠦ ᠶᠢᠨ ᠰᠢᠰᠲ᠋ᠧᠮᠵᠢ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ︽ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ + ᠠᠵᠤ ᠠᠬᠤᠶᠢᠯᠠᠯ ᠤᠨ ᠲᠥᠷᠥᠯ ᠲᠡᠮᠳᠡᠭᠲᠦ + ᠠᠵᠤ | ᠠᠬᠤᠶᠢᠯᠠᠯ ᠤᠨ ᠪᠦᠲᠦᠭᠡᠭᠳᠡᠬᠦᠨ ᠤ ᠲᠥᠷᠥᠯ ᠲᠡᠮᠳᠡᠭᠲᠦ︾ ᠶᠢᠨ ᠲᠥᠷᠥᠯ ᠲᠡᠮᠳᠡᠭᠲᠦ ᠶᠢ ᠳᠡᠯᠭᠡᠷᠡᠭᠦᠯᠬᠦ ᠵᠠᠭᠪᠤᠷ ᠢ | ᠪᠠᠶᠢᠭᠤᠯᠵᠤ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ︾ ︽ᠪᠣᠬᠢᠷᠲᠤᠯ ᠦᠭᠡᠢ ᠪᠦᠲᠦᠭᠡᠭᠳᠡᠬᠦᠨ ᠢ | ᠭᠠᠳᠠᠭᠰᠢ ᠭᠠᠷᠭᠠᠬᠤ︾ ᠵᠡᠷᠭᠡ ᠠᠵᠠ ᠲᠣᠬᠢᠶᠠᠯ ᠢ ᠭᠦᠢᠴᠡᠳ ᠠᠰᠢᠭᠯᠠᠨ᠂ ᠣᠯᠠᠨ ᠠᠷᠭ᠎ᠠ ᠬᠡᠮᠵᠢᠶ᠎ᠡ ᠬᠡᠷᠡᠭᠯᠡᠵᠦ᠂ | ᠬᠥᠬᠡᠬᠤᠲᠠ ᠶᠢᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠭᠠᠳᠠᠭᠰᠢ | ᠭᠠᠷᠬᠤ︾ ᠶᠢ ᠣᠯᠠᠨ ᠠᠷᠭ᠎ᠠ ᠵᠠᠮ ᠢᠶᠠᠷ ᠲᠠᠨᠢᠯᠴᠠᠭᠤᠯᠤᠨ᠎ᠠ᠃ ᠡᠭᠦᠨ ᠤ ᠬᠠᠮᠲᠤ᠂ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠡᠪᠴᠢᠭᠦᠯᠦᠭᠦᠷ ᠤᠨ ᠦᠢᠯᠡᠳᠦᠯ ᠢ | ᠪᠠᠳᠠᠷᠠᠭᠤᠯᠵᠤ᠂ ᠨᠢᠭᠡ ᠪᠦᠯᠦᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠰᠦᠯᠵᠢᠶᠡᠨ ᠤ | ᠲᠥᠷᠥᠯ ᠲᠡᠮᠳᠡᠭᠲᠦ︾ ︽ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠬᠤ ᠰᠣᠳᠣᠨ︾ ᠢ ᠪᠣᠶᠢᠵᠢᠭᠤᠯᠤᠨ | ᠨᠡᠪᠴᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠠᠴᠠ ᠠᠵᠤ ᠠᠬᠤᠶᠢᠯᠠᠯ ᠳᠠᠭᠠᠨ ᠬᠢᠯᠢ ᠶᠢᠨ ᠭᠠᠳᠠᠨ᠎ᠠ | ᠲᠠᠸᠠᠷ ᠤᠨ ᠲᠡᠮᠳᠡᠭ ᠳᠠᠩᠰᠠᠯᠠᠭᠤᠯᠬᠤ᠂ ᠰᠢᠰᠲ᠋ᠧᠮᠵᠢ ᠶᠢᠨ ᠭᠡᠷᠡᠴᠢᠯᠡᠭᠡ ᠬᠢᠯᠭᠡᠬᠦ ᠶᠢ ᠬᠥᠲᠥᠯᠥᠨ ᠵᠢᠯᠤᠭᠤᠳᠴᠤ | ᠳᠡᠮᠵᠢᠵᠦ᠂ ᠲᠥᠷᠥᠯ ᠲᠡᠮᠳᠡᠭᠲᠦ ᠶᠢᠨ ᠭᠠᠳᠠᠭᠠᠳᠤ ᠳᠠᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︵ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠭᠤᠷᠪᠠ︶ ᠣᠯᠠᠨ ᠲᠠᠰ ᠳᠠᠪᠬᠤᠷᠭ᠎ᠠ ᠶᠢᠨ ᠠᠷᠠᠯᠵᠢᠶ᠎ᠠ ᠬᠤᠳᠠᠯᠳᠤᠭᠠᠨ ᠤ ᠲᠣᠣᠷ ᠢ ᠲᠡᠭᠦᠯᠳᠡᠷᠵᠢᠭᠦᠯᠦᠨ᠎ᠡ | 1. ᠬᠤᠳᠠᠯᠳᠤᠭᠠᠨ ᠤ ᠲᠣᠭᠤᠷᠢᠭ ᠤᠨ ᠪᠠᠶᠢᠷᠢᠰᠢᠭᠤᠯᠤᠯᠲᠠ ᠲᠥᠯᠦᠪᠵᠢᠭᠦᠯᠭᠡ ᠶᠢ ᠰᠢᠯᠢᠳᠡᠭᠵᠢᠭᠦᠯᠦᠨ᠎ᠡ᠃ | ᠵᠥᠩ ᠱᠠᠨ ᠵᠠᠮ᠂ ᠠᠶᠠᠨᠴᠢᠳ ᠤᠨ ᠵᠡᠭᠦᠨ ᠥᠷᠲᠡᠭᠡ ᠬᠤᠶᠠᠷ ᠲᠣᠮᠣ ᠬᠤᠳᠠᠯᠳᠤᠭᠠᠨ ᠤ ᠲᠥᠪ ᠲᠣᠭᠤᠷᠢᠭ ᠪᠠ | ᠰᠢᠯᠢ ᠶᠢᠨ ᠭᠤᠣᠯ ᠡᠮᠦᠨ᠎ᠡ ᠵᠠᠮ ᠤᠨ ᠺᠠᠢ ᠳ᠋ᠧ ᠲᠠᠯᠠᠪᠠᠶ᠂ ᠳ᠋ᠦᠩ ᠶᠢᠩ ᠡᠮᠦᠨ᠎ᠡ ᠵᠠᠮ ᠤᠨ ᠮᠣᠶᠢᠯ ᠬᠤᠲᠠ᠂ | ᠴᠢᠩᠭᠢᠰ ᠬᠠᠭᠠᠨ ᠶᠡᠭᠡ ᠵᠡᠭᠡᠯᠢ ᠶᠢᠨ ᠪᠢᠨ ᠬᠠᠢ ᠲᠠᠯᠠᠪᠠᠶ᠂ ᠬᠤᠲᠣᠩ ᠠᠷᠠᠳ ᠤᠨ ᠲᠣᠭᠤᠷᠢᠭ ᠤᠨ ᠸᠠᠨ ᠳ᠋ᠠ ᠲᠠᠯᠠᠪᠠᠶ | ᠵᠡᠷᠭᠡ ᠲᠠᠪᠤᠨ ᠲᠣᠮᠣ ᠬᠤᠳᠠᠯᠳᠤᠭᠠᠨ ᠤ ᠲᠣᠭᠤᠷᠢᠭ ᠢᠶᠠᠷ ᠭᠤᠣᠯᠳᠠᠯᠭ᠎ᠠ ᠪᠣᠯᠭᠠᠭᠰᠠᠨ ︽ᠬᠤᠶᠠᠷ ᠲᠥᠪ ᠲᠠᠪᠤᠨ | ᠴᠠᠭᠠᠷᠢᠭ︾ ᠤᠨ ᠬᠤᠲᠠ ᠶᠢᠨ ᠬᠤᠳᠠᠯᠳᠤᠭᠠᠨ ᠤ ᠬᠥᠭᠵᠢᠯᠲᠡ ᠶᠢᠨ ᠪᠠᠶᠢᠷᠢᠰᠢᠯ ᠤᠨ ᠵᠡᠷᠭᠡ ᠲᠠᠰ ᠢ ᠳᠡᠪᠰᠢᠭᠦᠯᠦᠨ᠎ᠡ᠃ | ᠬᠤᠲᠠ ᠶᠢᠨ ᠡᠮᠦᠨᠡᠬᠢ ᠸᠠᠨ ᠳ᠋ᠠ ᠲᠠᠯᠠᠪᠠᠢ᠂ ᠬᠤᠸᠠ ᠷᠦᠨ ᠸᠠᠨ ᠰᠢᠶᠠᠩ ᠴᠧᠩ ᠵᠡᠷᠭᠡ ᠨᠢᠭᠡ ᠪᠦᠯᠦᠭ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢ ᠠᠬᠢᠭᠤᠯᠵᠤ᠂ | ᠰᠢᠨ᠎ᠡ ᠬᠠᠭᠤᠴᠢᠨ ᠬᠤᠳᠠᠯᠳᠤᠭᠠᠨ ᠤ ᠲᠣᠭᠤᠷᠢᠭ ᠤᠨ ᠣᠷᠣᠨ ᠵᠠᠢ ᠶᠢᠨ ᠪᠠᠶᠢᠷᠢᠰᠢᠯ ᠵᠦᠢ ᠵᠣᠬᠢᠰᠲᠠᠢ᠂ | ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠪᠦᠷᠢᠨ ᠭᠦᠢᠴᠡᠳ᠂ ᠴᠢᠳᠠᠪᠤᠷᠢ ᠪᠠᠨ ᠬᠠᠷᠢᠯᠴᠠᠨ | ᠨᠥᠬᠦᠪᠦᠷᠢᠯᠡᠭᠰᠡᠨ᠂ ᠵᠣᠬᠢᠬᠤ ᠬᠡᠮᠵᠢᠶ᠎ᠡ ᠪᠠᠷ ᠲᠥᠪᠯᠡᠷᠡᠭᠰᠡᠨ᠂ ᠬᠤᠳᠠᠯᠳᠤᠭᠠᠨ ᠤ ᠲᠥᠪ᠂ ᠬᠤᠳᠠᠯᠳᠤᠭᠠᠨ ᠤ ᠵᠡᠭᠡᠯᠢ᠂ | ᠲᠤᠰᠬᠠᠢ ᠡᠵᠡᠩᠨᠡᠯᠲᠡ ᠶᠢᠨ ᠳᠡᠯᠭᠡᠭᠦᠷ ᠵᠡᠷᠭᠡ ᠬᠤᠳᠠᠯᠳᠤᠭᠠᠨ ᠤ ᠪᠡᠯᠡᠳᠬᠡᠮᠵᠢ ᠲᠡᠩᠴᠡᠭᠦᠷᠢᠲᠡᠢ ᠲᠠᠷᠬᠠᠭᠰᠠᠨ ᠭᠤᠣᠯ | ᠬᠤᠲᠠ ᠶᠢᠨ ᠲᠣᠭᠤᠷᠢᠭ ᠤᠨ ᠬᠤᠳᠠᠯᠳᠤᠭᠠᠨ ᠤ ᠲᠣᠭᠤᠷᠢᠭ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ | ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ | ᠶᠣᠰᠣᠭᠠᠷ ᠬᠤᠪᠢᠶᠠᠨ ᠬᠠᠷᠢᠭᠤᠴᠠᠨ᠎ᠠ︶ | 2. ᠬᠤᠲᠠ ᠶᠢᠨ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠢ ᠪᠠᠶᠢᠭᠤᠯᠤᠨ᠎ᠠ᠃ ᠤᠯᠤᠰ ᠤᠨ | ᠳᠣᠲᠣᠭᠠᠳᠤ ᠭᠠᠳᠠᠭᠠᠳᠤ ᠶᠢᠨ ᠨᠠᠷᠠᠲᠠᠢ ᠵᠡᠭᠡᠯᠢ ᠲᠣᠭᠤᠷᠢᠭ ᠲᠠᠢ ᠬᠠᠷᠢᠴᠠᠭᠤᠯᠤᠨ᠂ ᠪᠣᠭᠤᠮᠲᠠ ᠶᠢᠨ ᠬᠠᠭᠤᠴᠢᠨ | ᠵᠡᠭᠡᠯᠢ ᠶᠢᠨ ᠶᠠᠪᠠᠭᠠᠨ ᠵᠡᠭᠡᠯᠢ᠂ ᠤᠰᠤᠨ ᠡᠷᠭᠢ ᠶᠢᠨ ᠰᠡᠯᠡᠭᠦᠴᠡᠯ ᠵᠡᠭᠡᠯᠢ᠂ ᠭᠠᠵᠠᠷ ᠳᠣᠣᠷᠠᠬᠢ ᠲᠡᠮᠦᠷ ᠵᠠᠮ ᠤᠨ | ᠰᠦᠯᠵᠢᠶᠡᠨ ᠤ ᠰᠣᠳᠣᠨ ᠵᠡᠭᠡᠯᠢ ᠵᠡᠷᠭᠡ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠢ ᠪᠦᠲᠦᠭᠡᠨ | ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠬᠤ ᠶᠢ ᠢᠳᠡᠪᠬᠢᠲᠡᠢ ᠠᠬᠢᠭᠤᠯᠤᠨ᠎ᠠ᠃ ᠣᠨᠴᠠᠯᠢᠭᠲᠤ ᠬᠤᠳᠠᠯᠳᠤᠭᠠᠨ ᠤ | ᠵᠡᠭᠡᠯᠢ ᠲᠣᠭᠤᠷᠢᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠨᠥᠬᠦᠴᠡᠯ ᠲᠠᠢ ᠬᠤᠳᠠᠯᠳᠤᠭᠠᠨ ᠤ ᠵᠡᠭᠡᠯᠢ | ᠲᠣᠭᠤᠷᠢᠭ ᠤᠯᠤᠰ᠂ ᠥᠪᠡᠷᠲᠡᠭᠡᠨ ᠵᠠᠰᠠᠬᠤ ᠣᠷᠣᠨ ᠤ ᠶᠠᠪᠠᠭᠠᠨ ᠵᠡᠭᠡᠯᠢ ᠶᠢ ᠥᠭᠡᠷᠡᠴᠢᠯᠡᠨ ᠰᠠᠶᠢᠵᠢᠷᠠᠭᠤᠯᠬᠤ | ᠲᠤᠷᠰᠢᠯᠲᠠ ᠶᠢᠨ ᠵᠡᠭᠡᠯᠢ ᠲᠣᠭᠤᠷᠢᠭ ᠢ ᠢᠳᠡᠪᠬᠢᠲᠡᠢ ᠪᠠᠷ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ ︵ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | 3. ︽ ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠢ | ᠪᠠᠶᠢᠭᠤᠯᠤᠨ᠎ᠠ᠃ ︽ ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠤᠨ | ᠲᠤᠷᠰᠢᠯᠲᠠ ᠶᠢᠨ ᠬᠤᠲᠠ ᠶᠢ ᠡᠭᠦᠳᠦᠨ ᠪᠠᠶᠢᠭᠤᠯᠬᠤ ᠪᠠᠷ ᠢᠳᠡᠪᠬᠢᠲᠡᠢ ᠭᠤᠶᠤᠴᠢᠯᠠᠨ ᠮᠡᠳᠡᠭᠦᠯᠦᠨ᠎ᠡ᠃ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠲᠣᠣᠷ ᠴᠡᠭ ᠤᠨ ᠪᠠᠶᠢᠷᠢᠰᠢᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠢᠨ᠎ᠡ ᠰᠣᠷᠭᠤᠭ ᠢᠳᠡᠭᠡᠨ ᠤ ᠬᠡᠳᠦ ᠳᠡᠯᠭᠡᠭᠦᠷ᠂ ᠨᠡᠶᠢᠭᠡᠮ | ᠲᠣᠭᠤᠷᠢᠭ ᠤᠨ ᠢᠳᠡᠰᠢᠨ ᠨᠣᠭᠤᠭ᠎ᠠ ᠶᠢᠨ ᠳᠡᠯᠭᠡᠭᠦᠷ ᠵᠡᠷᠭᠡ ᠦᠨᠳᠦᠰᠦᠨ ᠪᠠᠲᠤᠯᠠᠭ᠎ᠠ ᠶᠢᠨ ᠲᠥᠷᠥᠯ ᠤᠨ | ᠡᠵᠡᠩᠨᠡᠯᠲᠡ ᠶᠢᠨ ᠬᠡᠯᠪᠡᠷᠢ ᠶᠢᠨ ᠳᠤᠲᠠᠭᠤᠳᠠᠯ ᠢ ᠨᠥᠬᠦᠪᠦᠷᠢᠯᠡᠵᠦ᠂ ᠨᠡᠶᠢᠭᠡᠮ ᠲᠣᠭᠤᠷᠢᠭ ᠤᠨ ᠬᠡᠷᠡᠭᠯᠡᠭᠡᠨ ᠤ | ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠤᠯᠠᠮᠵᠢᠯᠠᠯᠲᠤ ᠬᠤᠳᠠᠯᠳᠤᠭᠠᠨ ᠤ ᠠᠴᠢᠶᠠᠯᠠᠪᠤᠷᠢ ᠶᠢ ᠥᠭᠡᠷᠡᠴᠢᠯᠡᠨ | ᠰᠠᠶᠢᠵᠢᠷᠠᠭᠤᠯᠵᠤ᠂ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠡᠷᠬᠢᠨ ᠲᠣᠭᠤᠷᠢᠨ ᠤ | ᠤᠯᠠᠮᠵᠢᠯᠠᠯᠲᠤ ᠬᠤᠳᠠᠯᠳᠤᠭᠠᠨ ᠤ ᠲᠠᠯᠠᠪᠤᠷ ᠤᠨ ᠨᠡᠶᠢᠭᠡᠮ ᠲᠣᠭᠤᠷᠢᠭ ᠤᠨ ᠬᠤᠳᠠᠯᠳᠤᠭᠠᠨ ᠤ ᠲᠥᠪ ᠳᠠᠰᠢ | ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠵᠢᠯᠤᠭᠤᠳᠴᠤ᠂ ᠣᠨᠴᠠᠯᠢᠭᠲᠤ ᠢᠳᠡᠭᠡᠨ ᠤᠮᠳᠠᠭᠠᠨ᠂ ᠪᠡᠶ᠎ᠡ ᠶᠢᠨ | ᠲᠠᠮᠢᠷ ᠤᠨ ᠬᠥᠳᠡᠯᠭᠡᠭᠡᠨ ᠢᠶᠠᠷ ᠪᠡᠶ᠎ᠡ ᠴᠢᠭᠢᠷᠠᠭᠵᠢᠭᠤᠯᠬᠤ᠂ ᠰᠦᠯᠵᠢᠶᠡᠨ ᠤ ᠰᠣᠳᠣᠨ ᠨᠣᠮ ᠤᠨ ᠳᠡᠯᠭᠡᠭᠦᠷ ᠵᠡᠷᠭᠡ | ᠰᠡᠯᠡᠭᠦᠴᠡᠯ ᠤᠨ ᠲᠥᠷᠥᠯ ᠤᠨ ᠠᠷᠠᠳ ᠲᠤ ᠲᠥᠬᠦᠮ ᠦᠵᠡᠭᠦᠯᠬᠦ ᠬᠡᠷᠡᠭᠯᠡᠭᠡᠨ ᠤ ᠲᠠᠯᠠᠪᠤᠷ ᠢ ᠲᠦᠷᠭᠡᠨ | ᠪᠠᠶᠢᠷᠢᠰᠢᠭᠤᠯᠵᠤ᠂ ᠬᠤᠲᠠ ᠶᠢᠨ ︽ ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ | ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠲᠠ ᠶᠢᠨ ᠬᠤᠳᠠᠯᠳᠤᠭᠠᠨ ᠤ ᠰᠢᠰᠲ᠋ᠧᠮᠵᠢ ᠶᠢᠨ | ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠬᠠᠮᠵᠢᠯᠴᠠᠨ᠎ᠠ︶ | 4. ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠰᠢᠶᠠᠨ ᠢᠶᠠᠷ ᠲᠥᠪ ᠪᠣᠯᠭᠠᠵᠤ᠂ ᠰᠢᠶᠠᠩ ᠪᠠᠯᠭᠠᠰᠤ ᠪᠠᠷ ᠭᠤᠣᠯᠳᠠᠯᠭ᠎ᠠ ᠪᠣᠯᠭᠠᠵᠤ᠂ ᠲᠣᠰᠬᠤᠨ ᠢᠶᠠᠷ ᠰᠠᠭᠤᠷᠢ | ᠪᠣᠯᠭᠠᠭᠰᠠᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢ ᠲᠦᠷᠭᠡᠨ ᠪᠠᠶᠢᠭᠤᠯᠤᠨ᠎ᠠ᠃ ᠴᠢᠨᠠᠷ | ᠰᠠᠶᠢᠲᠠᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠡᠬᠢ ᠪᠠᠶᠠᠯᠢᠭ ᠢ ᠰᠢᠶᠠᠩ ᠪᠠᠯᠭᠠᠰᠤ᠂ ᠬᠥᠳᠡᠭᠡ ᠲᠣᠰᠬᠤᠨ | ᠲᠡᠰᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠰᠢᠶᠠᠩ ᠪᠠᠯᠭᠠᠰᠤᠨ ᠤ ᠠᠷᠠᠯᠵᠢᠶ᠎ᠠ ᠬᠤᠳᠠᠯᠳᠤᠭᠠᠨ ᠤ | ᠲᠥᠪ ᠢ ᠥᠭᠡᠷᠡᠴᠢᠯᠡᠨ ᠲᠡᠰ ᠳᠡᠪᠰᠢᠭᠦᠯᠵᠦ᠂ ᠠᠮᠢᠳᠤᠷᠠᠯ ᠤᠨ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠦᠨ᠂ | ᠬᠥᠳᠡᠭᠡ ᠲᠣᠰᠬᠤᠨ ᠤ ᠬᠤᠳᠠᠯᠳᠤᠭᠠᠨ ᠤ ᠵᠢᠷᠤᠮᠵᠢᠭᠰᠠᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠡᠯᠧᠺᠲᠷᠣᠨ | ᠬᠤᠳᠠᠯᠳᠤᠭᠠᠨ ᠤ ᠬᠥᠳᠡᠭᠡ ᠲᠣᠰᠬᠤᠨ ᠳᠤ ᠣᠷᠣᠬᠤ ᠪᠦᠷᠬᠦᠴᠡ ᠶᠢ ᠥᠷᠭᠡᠳᠬᠡᠵᠦ᠂ ᠲᠠᠷᠢᠶᠠᠯᠠᠩ ᠤᠨ | ᠪᠦᠲᠦᠭᠡᠭᠳᠡᠬᠦᠨ ᠤ ᠳᠡᠭᠡᠭᠰᠢ ᠶᠠᠪᠤᠬᠤ ᠠᠷᠭ᠎ᠠ ᠵᠠᠮ ᠢ ᠰᠢᠯᠢᠳᠡᠭᠵᠢᠭᠦᠯᠦᠨ ᠥᠷᠭᠡᠳᠬᠡᠵᠦ᠂ ᠠᠵᠤ ᠦᠢᠯᠡᠳᠪᠦᠷᠢ ᠶᠢᠨ | ᠦᠢᠯᠡᠳᠬᠦᠨ ᠤ ᠳᠣᠷᠣᠭᠰᠢ ᠪᠠᠭᠤᠬᠤ ᠠᠷᠭ᠎ᠠ ᠵᠠᠮ ᠢ ᠦᠷᠭᠦᠯᠵᠢᠯᠡᠨ ᠰᠠᠭᠠᠳ ᠦᠭᠡᠢ ᠨᠠᠪᠲᠠᠷᠡᠭᠦᠯᠵᠦ᠂ ᠰᠢᠶᠠᠨ᠂ | ᠰᠢᠶᠠᠩ᠂ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠪᠠ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠲᠦᠷᠦᠭᠦᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠳᠥᠷᠪᠡ︶ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠬᠤᠪᠢᠷᠠᠭᠤᠯᠤᠨ ᠲᠠᠰ ᠳᠡᠪᠰᠢᠭᠦᠯᠦᠨ᠎ᠡ | 1. ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠨ᠎ᠡ ᠶᠢ ᠡᠭᠦᠳᠦᠨ ᠵᠢᠷᠤᠮ ᠲᠠᠢ ᠬᠥᠭᠵᠢᠬᠦ ᠶᠢ ᠳᠡᠮᠵᠢᠨ᠎ᠡ | ᠃ ᠶᠢᠨ ᠴᠢᠶᠣᠤ᠂ ᠶᠢᠨ ᠴᠤᠸᠠᠨ ᠤ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠵᠦ | ᠳᠡᠰ ᠳᠡᠪᠰᠢᠬᠦ ᠳᠤ ᠲᠤᠰᠠᠯᠠᠵᠤ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠰᠢᠭᠤᠳ ᠨᠡᠪᠲᠡᠷᠡᠭᠦᠯᠭᠡ ᠪᠠᠷ ᠡᠵᠡᠩᠨᠡᠨ ᠪᠣᠷᠣᠯᠠᠭᠤᠯᠬᠤ᠂ ᠲᠥᠷᠥᠯ ᠲᠡᠮᠳᠡᠭᠲᠦ ᠶᠢ | ᠬᠥᠮᠥᠵᠢᠭᠦᠯᠬᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠦᠢᠯᠡᠳᠦᠯ ᠪᠠ | ᠳᠠᠪᠠᠭᠤᠯᠢᠭ ᠢᠶᠠᠨ ᠪᠠᠳᠠᠷᠠᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠦᠨ ᠡᠭᠦᠳᠦᠨ | ᠪᠠᠶᠢᠭᠤᠯᠬᠤ ᠶᠢ ᠲᠦᠯᠬᠢᠨ ᠠᠬᠢᠭᠤᠯᠵᠤ᠂ ︽ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠪᠠᠶᠠᠷ︾ ︽ | ᠲᠥᠷᠥᠯ ᠲᠡᠮᠳᠡᠭᠲᠦ ᠪᠠ ᠶᠠᠰᠤ ᠴᠢᠨᠠᠷ ᠲᠠᠢ ᠪᠠᠷᠠᠭ᠎ᠠ ᠶᠢ ᠰᠦᠯᠵᠢᠶᠡᠨ ᠳᠡᠭᠡᠷ᠎ᠡ ᠬᠤᠳᠠᠯᠳᠤᠨ ᠠᠪᠬᠤ ᠪᠠᠶᠠᠷ︾ | ᠵᠡᠷᠭᠡ ᠪᠠᠷ ᠬᠡᠷᠡᠭᠯᠡᠭᠡ ᠶᠢ ᠠᠬᠢᠭᠤᠯᠬᠤ ᠦᠢᠯᠡᠳᠦᠯᠴᠡᠯ ᠢ ᠡᠷᠭᠢᠯᠡᠵᠦ᠂ ᠮᠠᠨ ᠤ ᠬᠤᠲᠠ ᠶᠢᠨ ︽ᠴᠡᠯᠡᠭᠡᠷ ᠲᠠᠯ᠎ᠠ ᠶᠢᠨ | ᠥᠨᠥᠷ ᠠᠮᠲᠠ︾ ᠴᠢᠨᠠᠷ ᠰᠠᠶᠢᠲᠠᠢ ᠲᠠᠷᠢᠶᠠᠯᠠᠩ ᠤᠨ ᠣᠨᠴᠠ ᠭᠠᠷᠤᠯᠲᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨ᠎ᠠ ᠭᠦᠨᠵᠡᠭᠡᠢ ᠠᠭᠤᠰᠤᠯᠴᠠᠭᠤᠯᠤᠨ ᠪᠣᠷᠣᠯᠠᠭᠤᠯᠬᠤ ᠶᠢ ᠲᠦᠯᠬᠢᠨ ᠠᠬᠢᠭᠤᠯᠵᠤ᠂ ᠮᠠᠨ ᠤ ᠬᠤᠲᠠ ᠶᠢᠨ | ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭ᠎ᠠ᠂ ᠨᠡᠶᠢᠭᠡᠮ ᠤᠨ ᠬᠠᠷᠢᠯᠴᠠᠭᠠᠨ ᠤ ᠡᠯᠧᠺᠲᠷᠣᠨ | ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠤᠯᠠᠮ ᠨᠢᠭᠡ ᠠᠯᠬᠤᠮ | ᠲᠦᠷᠭᠡᠳᠬᠡᠵᠦ᠂ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠤᠵᠠᠭᠠᠶᠢᠷᠠᠭᠤᠯᠤᠨ᠎ᠠ᠃ ︵ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | 2. ᠪᠣᠳᠠᠲᠤ ᠴᠣᠭᠴᠠ ᠶᠢᠨ ᠬᠤᠳᠠᠯᠳᠤᠭᠠᠨ ᠤ ᠲᠣᠭᠠᠴᠢᠯᠠᠭᠰᠠᠨ ᠲᠡᠰᠢ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠤᠨ᠎ᠠ᠃ ᠪᠣᠳᠠᠲᠤ ᠴᠣᠭᠴᠠ ᠶᠢᠨ ᠬᠤᠳᠠᠯᠳᠤᠭᠠᠨ ᠤ ᠲᠡᠷᠢᠭᠦᠨ ᠤ ᠮᠡᠷᠭᠡᠵᠢᠯ ᠢ ᠢᠳᠡᠪᠬᠢᠲᠡᠢ | ᠬᠡᠷᠡᠭᠯᠡᠨ ᠠᠵᠤ ᠠᠬᠤᠶᠢᠯᠠᠯ ᠤᠨ ᠲᠣᠭᠠᠴᠢᠯᠠᠭᠰᠠᠨ ᠲᠡᠰᠢ ᠬᠡᠯᠪᠡᠷᠢ ᠪᠠᠨ ᠬᠤᠪᠢᠷᠠᠭᠤᠯᠬᠤ ᠠᠯᠬᠤᠴᠠ ᠪᠠᠨ | ᠲᠦᠷᠭᠡᠳᠬᠡᠵᠦ᠂ ᠲᠣᠭᠠᠴᠢᠯᠠᠭᠰᠠᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠪᠠᠷᠢᠮᠵᠢᠶᠠᠵᠢᠭᠰᠠᠨ᠂ | ᠪᠦᠬᠦ ᠲᠥᠷᠥᠯ ᠵᠦᠢᠯ ᠤᠨ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠢᠳᠡᠪᠬᠢᠲᠡᠢ ᠬᠠᠩᠭᠠᠵᠤ᠂ ︽ᠳᠡᠯᠭᠡᠭᠦᠷ ᠲᠤ | ᠬᠦᠷᠬᠦ︾ ᠪᠠ ︽ᠭᠡᠷ ᠲᠤᠨᠢ ᠬᠦᠷᠬᠦ︾ ᠬᠤᠣᠰ ᠴᠢᠭᠯᠡᠯ ᠤᠨ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠦᠨ | ᠬᠥᠭᠵᠢᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠵᠦᠩ ᠱᠠᠨ ᠪᠠᠷᠠᠭᠤᠨ ᠵᠠᠮ ᠤᠨ ᠬᠤᠳᠠᠯᠳᠤᠭᠠᠨ ᠤ | ᠲᠣᠭᠤᠷᠢᠭ᠂ ᠠᠶᠠᠨᠴᠢᠳ ᠤᠨ ᠵᠡᠭᠦᠨ ᠦᠷᠳᠡᠭᠡ ᠶᠢᠨ ᠬᠤᠳᠠᠯᠳᠤᠭᠠᠨ ᠤ ᠲᠣᠭᠤᠷᠢᠭ᠂ ᠪᠣᠭᠤᠮᠲᠠ ᠶᠢᠨ ᠬᠠᠭᠤᠴᠢᠨ | ᠵᠡᠭᠡᠯᠢ ᠶᠢᠨ ᠶᠠᠪᠠᠭᠠᠨ ᠵᠡᠭᠡᠯᠢ ᠵᠡᠷᠭᠡ ᠳᠤ ᠣᠶᠤᠨᠲᠤ ᠬᠤᠳᠠᠯᠳᠤᠭᠠᠨ ᠤ ᠲᠣᠭᠤᠷᠢᠭ ︵ᠵᠡᠭᠡᠯᠢ ᠲᠣᠭᠤᠷᠢᠭ︶ | ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠲᠡᠮᠦᠷᠯᠢᠭ ᠮᠠᠰᠢᠨ ᠴᠠᠬᠢᠯᠭᠠᠨ᠂ ᠮᠠᠰᠢᠨ ᠲᠡᠷᠭᠡ ᠵᠡᠷᠭᠡ ᠲᠥᠷᠥᠯ ᠤᠨ | ᠲᠠᠸᠠᠷ ᠤᠨ ᠵᠠᠬ᠎ᠠ ᠳᠡᠯᠭᠡᠭᠦᠷ ᠢ ᠬᠥᠲᠥᠯᠥᠨ ᠵᠢᠯᠤᠭᠤᠳᠴᠤ ︽ᠵᠠᠬ᠎ᠠ ᠳᠡᠯᠭᠡᠭᠦᠷ + ᠲᠠᠪᠴᠠᠩ + ᠦᠢᠯᠡᠴᠢᠯᠡᠭᠡ︾ | ᠶᠢᠨ ᠵᠠᠭᠪᠤᠷ ᠢ ᠬᠡᠷᠡᠭᠵᠢᠭᠦᠯᠵᠦ᠂ ᠲᠠᠸᠠᠷ ᠬᠤᠳᠠᠯᠳᠤᠨ ᠠᠪᠬᠤ᠂ ᠬᠡᠷᠡᠭᠯᠡᠬᠦ᠂ ᠰᠡᠯᠪᠢᠨ ᠵᠠᠰᠠᠬᠤ᠂ ᠠᠷᠠᠴᠢᠯᠠᠨ | ᠬᠠᠮᠠᠭᠠᠯᠠᠬᠤ᠂ ᠬᠡᠷᠡᠭᠯᠡᠭᠡᠨ ᠠᠴᠠ ᠭᠠᠷᠭᠠᠬᠤ ᠵᠡᠷᠭᠡ ᠡᠯ᠎ᠡ ᠭᠤᠭᠴᠤᠭ᠎ᠠ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠂ | ᠣᠶᠤᠨᠴᠢ ᠬᠡᠷᠡᠭᠯᠡᠭᠡᠨ ᠤ ᠣᠶᠢᠯᠠᠭᠠᠯᠲᠠ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠨ᠎ᠠ︶ | 3. ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠬᠥᠳᠡᠭᠡ ᠲᠣᠰᠬᠤᠨ ᠭᠠᠵᠠᠷ ᠣᠷᠣᠨ ᠤ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠣᠷᠣᠭᠤᠯᠤᠯᠲᠠ ᠶᠢ | ᠨᠡᠮᠡᠭᠳᠡᠭᠦᠯᠵᠦ᠂ ᠳᠤᠭᠠᠴᠠᠯᠠᠭᠰᠠᠨ ᠮᠡᠷᠭᠡᠵᠢᠯ ᠬᠢᠭᠡᠳ ᠦᠢᠯᠡᠴᠢᠯᠡᠭᠡ ᠶᠢ ᠬᠥᠳᠡᠭᠡ ᠲᠣᠰᠬᠤᠨ ᠤ ᠭᠦᠢᠯᠭᠡᠭᠡᠨ ᠤ | ᠬᠦᠷᠢᠶᠡᠨ ᠳᠤ ᠭᠦᠨᠵᠡᠭᠡᠢ ᠬᠡᠷᠡᠭᠯᠡᠬᠦ ᠶᠢ ᠲᠦᠯᠬᠢᠨ ᠠᠬᠢᠭᠤᠯᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮᠵᠢ ᠪᠠ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠦᠷᠭᠡᠨ ᠨᠠᠪᠲᠠᠷᠡᠭᠦᠯᠵᠦ᠂ ᠰᠢᠶᠠᠨ ᠤ ᠱᠠᠲᠤᠨ ᠤ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠪᠠ ᠲᠣᠰᠬᠤᠨ ᠳᠤ ᠬᠦᠷᠬᠦ ᠪᠠᠷᠠᠭᠠᠨ ᠤ ᠭᠦᠢᠯᠭᠡᠭᠡᠨ ᠤ ᠦᠷᠳᠡᠭᠡ | ᠴᠡᠭ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠪᠡᠶᠡᠴᠢ | ᠴᠣᠭᠴᠠ ᠶᠢ ᠪᠣᠶᠢᠵᠢᠭᠤᠯᠬᠤ ᠪᠠ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠪᠣᠯᠪᠠᠰᠤᠷᠠᠭᠤᠯᠤᠯ ᠢ | ᠴᠢᠩᠭᠠᠳᠬᠠᠨ᠎ᠠ᠃ ᠪᠣᠳᠠᠲᠤ ᠬᠦᠴᠦᠨ ᠲᠠᠢ ᠡᠯᠧᠺᠲᠷᠣᠨ ᠬᠤᠳᠠᠯᠳᠤᠭ᠎ᠠ᠂ ᠲᠦᠷᠭᠡᠨ ᠬᠦᠷᠭᠡᠯᠲᠡ ᠪᠠ ᠬᠡᠯᠬᠢᠶ᠎ᠡ | ᠭᠦᠢᠯᠭᠡᠭᠡᠨ ᠤ ᠠᠵᠤ ᠠᠬᠤᠶᠢᠯᠠᠯ ᠤᠨ ᠬᠥᠳᠡᠭᠡ ᠲᠣᠰᠬᠤᠨ ᠳᠤ ᠬᠠᠩᠭᠠᠯᠭ᠎ᠠ ᠶᠢᠨ ᠬᠡᠯᠬᠢᠶ᠎ᠡ ᠪᠠᠨ ᠪᠠᠭᠤᠯᠭᠠᠬᠤ ᠶᠢ | ᠲᠡᠮᠵᠢᠵᠤ᠂ ᠬᠥᠳᠡᠭᠡ ᠲᠣᠰᠬᠤᠨ ᠤ ᠬᠡᠷᠡᠭᠯᠡᠭᠡᠨ ᠤ ᠬᠡᠷᠡᠭᠴᠡᠭᠡ ᠳᠤ ᠵᠣᠬᠢᠴᠠᠭᠰᠠᠨ ᠤᠳᠤ ᠦᠶ᠎ᠡ ᠶᠢᠨ ᠭᠦᠢᠯᠭᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠬᠤᠳᠠ ᠳᠤ | ᠣᠷᠣᠬᠤ᠂ ᠠᠵᠤ ᠦᠢᠯᠡᠳᠪᠦᠷᠢ ᠶᠢᠨ ᠦᠢᠯᠡᠳᠬᠦᠨ ᠬᠥᠳᠡᠭᠡ ᠪᠠᠭᠤᠬᠤ ᠦᠷ᠎ᠡ ᠪᠦᠲᠦᠮᠵᠢ ᠶᠢ ᠦᠨᠡᠨᠬᠦ | ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | 4. ᠭᠦᠢᠯᠭᠡᠭᠡᠨ ᠤ ᠬᠦᠷᠢᠶᠡᠨ ᠳᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠮᠠᠨ ᠤ | ᠬᠤᠲᠠ ᠶᠢᠨ ᠬᠤᠲᠠ ᠶᠢᠨ ᠶᠡᠭᠡ ᠲᠠᠷᠢᠬᠢᠨ ᠤ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠥᠪᠥᠷ ᠮᠣᠩᠭᠤᠯ ᠤᠨ | ᠠᠷᠠᠯᠵᠢᠶ᠎ᠠ ᠨᠡᠪᠲᠡᠷᠡᠬᠦ ᠲᠠᠪᠴᠠᠩ ᠢ ᠰᠠᠨᠠᠭᠠᠴᠢᠯᠠᠭ᠎ᠠ ᠠᠴᠠ ᠪᠠᠨ ᠵᠠᠯᠭᠠᠵᠤ᠂ ᠪᠠᠷᠠᠭᠠᠨ ᠤ ᠭᠦᠢᠯᠭᠡᠭᠡᠨ᠂ | ᠬᠠᠩᠭᠠᠯᠭ᠎ᠠ ᠶᠢᠨ ᠬᠡᠯᠬᠢᠶ᠎ᠡ᠂ ᠵᠢᠵᠢᠭᠯᠡᠨ ᠬᠤᠳᠠᠯᠳᠤᠬᠤ ᠵᠡᠷᠭᠡ ᠡᠯ᠎ᠡ ᠲᠥᠷᠥᠯ ᠤᠨ ᠭᠦᠢᠯᠭᠡᠭᠡᠨ ᠤ ᠲᠤᠭ᠎ᠠ ᠪᠠᠷᠢᠮᠲᠠ ᠶᠢ | ᠪᠥᠬᠦ ᠲᠠᠯ᠎ᠠ ᠪᠠᠷ ᠨᠡᠶᠢᠳᠬᠡᠨᠡ᠃ ᠭᠦᠢᠯᠭᠡᠭᠡᠨ ᠤ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠨᠡᠭᠡᠭᠡᠯᠲᠡ ᠬᠢᠬᠦ ᠶᠢ | ᠲᠦᠯᠬᠢᠨ ᠠᠬᠢᠭᠤᠯᠵᠤ᠂ ᠵᠠᠰᠠᠭ ᠤᠨ ᠣᠷᠳᠣᠨ᠂ ᠠᠵᠤ ᠠᠬᠤᠶᠢᠯᠠᠯ᠂ ᠰᠤᠳᠤᠯᠭᠠᠨ ᠤ ᠪᠠᠶᠢᠭᠤᠯᠤᠮᠵᠢ ᠶᠢᠨ | ᠬᠤᠭᠤᠷᠣᠨᠳᠣᠬᠢ ᠲᠤᠭ᠎ᠠ ᠪᠠᠷᠢᠮᠲᠠ ᠶᠢᠨ ᠭᠦᠢᠯᠭᠡᠭᠡ ᠪᠠ ᠬᠠᠮᠲᠤᠷᠠᠯᠴᠠᠭ᠎ᠠ ᠶᠢ ᠠᠬᠢᠭᠤᠯᠵᠤ᠂ ᠲᠤᠭ᠎ᠠ ᠪᠠᠷᠢᠮᠲᠠ ᠶᠢᠨ | ᠠᠰᠢᠭᠯᠠᠯᠲᠠ ᠶᠢᠨ ᠦᠷ᠎ᠡ ᠪᠦᠲᠦᠮᠵᠢ ᠪᠠ ᠦᠷᠳᠡᠭ ᠢ ᠳᠡᠭᠡᠭᠰᠢᠯᠡᠭᠦᠯᠦᠨ᠎ᠡ᠃ ᠲᠤᠭ᠎ᠠ ᠪᠠᠷᠢᠮᠲᠠ ᠶᠢᠨ ᠠᠶᠤᠯᠭᠦᠢ ᠶᠢᠨ | ᠪᠠᠲᠤᠯᠠᠭ᠎ᠠ ᠶᠢ ᠴᠢᠩᠭᠠᠳᠬᠠᠵᠤ᠂ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠠ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠠᠪᠴᠤ᠂ ᠭᠦᠢᠯᠭᠡᠭᠡᠨ ᠤ ᠲᠣᠮᠣ ᠳ᠋ᠠᠶᠢᠲ᠋ᠠ ᠶᠢᠨ ᠠᠶᠤᠯᠭᠦᠢ ᠴᠢᠨᠠᠷ ᠪᠠ ᠨᠢᠭᠤᠴᠠ ᠶᠢ ᠬᠠᠮᠠᠭᠠᠯᠠᠬᠤ ᠴᠢᠨᠠᠷ ᠢ | ᠦᠨᠡᠨᠬᠦ ᠪᠠᠲᠤᠯᠠᠨ᠎ᠠ᠃ ︵ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠲᠠᠪᠤ︶ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢᠨ ᠠᠮᠢ | ᠠᠬᠤᠢ ᠶᠢ ᠪᠣᠢ ᠪᠣᠯᠭᠠᠨ᠎ᠠ | 1. ᠭᠦᠢᠯᠭᠡᠭᠡᠨ ᠤ ᠭᠤᠣᠯᠯᠠᠭᠴᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠨ᠎ᠡ᠃ | ᠣᠷᠣᠨ ᠪᠦᠰᠡ ᠶᠢᠨ ᠥᠷᠢᠰᠦᠯᠳᠦᠬᠦ ᠬᠦᠴᠦᠨ ᠲᠠᠢ ᠨᠢᠭᠡ ᠪᠦᠯᠦᠭ ᠭᠦᠢᠯᠭᠡᠭᠡᠨ ᠤ ᠭᠤᠣᠯᠯᠠᠭᠴᠢ ᠠᠵᠤ ᠠᠬᠤᠶᠢᠯᠠᠯ ᠢ | ᠢᠳᠡᠪᠬᠢᠲᠡᠢ ᠪᠠᠷ ᠪᠣᠶᠢᠵᠢᠭᠤᠯᠵᠤ᠂ ᠠᠵᠤ ᠠᠬᠤᠶᠢᠯᠠᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ᠂ | ᠬᠥᠷᠥᠩᠭᠡ ᠶᠢᠨ ᠠᠵᠢᠯᠯᠠᠭᠠᠨ ᠵᠡᠷᠭᠡ ᠪᠠᠷ ᠳᠠᠮᠵᠢᠭᠤᠯᠤᠨ ᠡᠵᠡᠩᠨᠡᠯᠲᠡ ᠶᠢᠨ ᠲᠣᠣᠷ ᠢᠶᠠᠨ ᠥᠷᠭᠡᠳᠬᠡᠵᠦ᠂ ᠲᠥᠷᠥᠯ | ᠲᠡᠮᠳᠡᠭᠲᠦ ᠶᠢᠨ ᠬᠠᠮᠢᠶᠠᠷᠤᠯᠲᠠ ᠪᠠᠨ ᠴᠢᠩᠭᠠᠳᠬᠠᠨ᠂ ᠣᠷᠣᠨ ᠪᠦᠰᠡ ᠠᠯᠤᠰᠯᠠᠭᠰᠠᠨ ᠡᠵᠡᠩᠨᠡᠯᠲᠡ ᠶᠢᠨ ᠴᠢᠳᠠᠪᠤᠷᠢ | ᠪᠠ ᠨᠥᠯᠥᠭᠡᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠲᠥᠷᠥᠯ ᠤᠨ ᠬᠥᠭᠵᠢᠯᠲᠡ ᠶᠢ ᠳᠠᠶᠢᠴᠢᠯᠠᠬᠤ ᠶᠢ | ᠵᠣᠷᠢᠭᠵᠢᠭᠤᠯᠤᠨ᠎ᠠ᠃ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠬᠤᠰᠢᠭᠤ᠂ ᠰᠢᠶᠠᠨ᠂ | ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠬᠤ ᠶᠢ ᠳᠡᠮᠵᠢᠵᠦ᠂ ᠬᠤᠲᠠ ᠶᠢᠨ ᠳᠣᠲᠣᠷᠠᠬᠢ ᠭᠦᠢᠯᠭᠡᠭᠡᠨ ᠤ ᠠᠵᠤ ᠠᠬᠤᠶᠢᠯᠠᠯ ᠤᠨ ᠲᠡᠷᠢᠭᠦᠨ ᠤ | ᠭᠦᠢᠯᠭᠡᠭᠡᠨ ᠤ ᠵᠠᠭᠪᠤᠷ᠂ ᠡᠵᠡᠩᠨᠡᠯᠲᠡ ᠶᠢᠨ ᠣᠨᠣᠯᠵᠢᠬᠤᠨ ᠪᠠ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠢ | ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠨᠢᠭᠡ ᠪᠦᠯᠦᠭ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠲᠠᠢ | ᠲᠣᠮᠣ ᠳᠤᠮᠳᠠ ᠬᠡᠯᠪᠡᠷᠢ ᠶᠢᠨ ᠭᠦᠢᠯᠭᠡᠭᠡᠨ ᠤ ᠠᠵᠤ ᠠᠬᠤᠶᠢᠯᠠᠯ ᠤᠨ ᠪᠦᠯᠦᠭᠯᠡᠯ ᠢ ᠪᠣᠶᠢᠵᠢᠭᠤᠯᠤᠨ᠎ᠠ᠃ ︵ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠬᠠᠮᠵᠢᠯᠴᠠᠨ᠎ᠠ︶ | 2. ᠣᠷᠣᠨ ᠪᠦᠰᠡ ᠶᠢᠨ ᠣᠨᠴᠠᠯᠢᠭᠲᠤ ᠲᠥᠷᠥᠯ ᠲᠡᠮᠳᠡᠭᠲᠦ ᠶᠢᠨ ᠠᠵᠤ ᠠᠬᠤᠶᠢᠯᠠᠯ ᠰᠢᠯᠢᠳᠡᠭᠵᠢᠨ | ᠨᠠᠷᠢᠯᠢᠭᠵᠢᠬᠤ ᠶᠢ ᠵᠣᠷᠢᠭᠵᠢᠭᠤᠯᠤᠨ᠎ᠠ᠃ ᠨᠥᠯᠥᠭᠡᠯᠡᠬᠦ ᠬᠦᠴᠦᠨ ᠲᠠᠢ ᠣᠷᠣᠨ ᠨᠤᠲᠤᠭ ᠤᠨ ᠣᠨᠴᠠᠯᠢᠭᠲᠤ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠳ ᠢ ᠪᠣᠶᠢᠵᠢᠭᠤᠯᠤᠨ᠂ ᠣᠷᠣᠨ ᠨᠤᠲᠤᠭ ᠤᠨ ᠣᠨᠴᠠᠯᠢᠭᠲᠤ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ | ᠪᠤᠵᠠᠭᠠᠶᠢᠷᠠᠭᠤᠯᠤᠨ ᠬᠦᠴᠦᠷᠬᠡᠭᠵᠢᠬᠦ ᠶᠢ ᠠᠬᠢᠭᠤᠯᠤᠨ᠂ ᠬᠠᠩᠭᠠᠯᠭ᠎ᠠ ᠶᠢᠨ ᠬᠡᠯᠬᠢᠶ᠎ᠡ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠲᠣᠰ ᠭᠠᠵᠠᠷ ᠤᠨ ᠵᠠᠬ᠎ᠠ ᠳᠡᠯᠭᠡᠭᠦᠷ ᠲᠤ ᠭᠦᠨᠵᠡᠭᠡᠢ | ᠦᠨᠳᠦᠰᠦᠯᠡᠵᠦ᠂ ᠨᠥᠯᠥᠭᠡᠯᠡᠬᠦ ᠬᠡᠪᠴᠢᠶ᠎ᠡ ᠪᠠᠨ ᠦᠷᠭᠡᠳᠭᠡᠨ᠎ᠡ᠃ ᠨᠡᠷᠡᠳᠦ ᠠᠵᠤ ᠠᠬᠤᠶᠢᠯᠠᠯ᠂ ᠨᠡᠷᠡᠳᠦ | ᠳᠡᠯᠭᠡᠭᠦᠷ ᠤᠨ ᠭᠠᠳᠠᠭᠰᠢ ᠭᠠᠷᠴᠤ᠂ ᠣᠷᠣᠨ ᠤ ᠭᠠᠳᠠᠨᠠᠬᠢ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠬᠦ ᠶᠢ | ᠵᠣᠷᠢᠭᠵᠢᠭᠤᠯᠤᠨ᠎ᠠ᠃ ᠣᠷᠣᠨ ᠨᠤᠲᠤᠭ ᠤᠨ ᠣᠨᠴᠠᠯᠢᠭᠲᠤ ᠬᠤᠳᠠᠯᠳᠤᠭᠠᠨ ᠤ ᠲᠥᠷᠥᠯ ᠲᠡᠮᠳᠡᠭᠲᠦ ᠶᠢ ᠶᠡᠬᠡᠪᠡᠷ | ᠪᠣᠶᠢᠵᠢᠭᠤᠯᠵᠤ᠂ ᠦᠨᠳᠦᠰᠦᠲᠡᠨ ᠤ ᠬᠤᠳᠠᠯᠳᠤᠭᠠᠨ ᠤ ᠲᠠᠯᠠᠪᠤᠷ᠂ ᠳ᠋ᠠ ᠲᠠᠩ ᠡᠮ ᠤᠨ ᠦᠢᠯᠡᠰ ᠵᠡᠷᠭᠡ ᠪᠣᠳᠠᠲᠤ | ᠬᠦᠴᠦᠨ ᠲᠠᠢ ᠠᠵᠤ ᠠᠬᠤᠶᠢᠯᠠᠯ ᠤᠨ ︽ᠳᠤᠮᠳᠠᠳᠤ ᠶᠢᠨ ᠬᠠᠭᠤᠴᠢᠨ ᠲᠥᠷᠥᠯ ᠲᠡᠮᠳᠡᠭᠲᠦ︾ ︽ᠥᠪᠥᠷ | ᠮᠣᠩᠭᠤᠯ ᠤᠨ ᠬᠠᠭᠤᠴᠢᠨ ᠲᠥᠷᠥᠯ ᠲᠡᠮᠳᠡᠭᠲᠦ︾ ᠶᠢ ᠭᠤᠶᠤᠴᠢᠯᠠᠨ ᠮᠡᠳᠡᠭᠦᠯᠬᠦ ᠪᠠ ᠳᠡᠯᠭᠡᠷᠡᠭᠦᠯᠬᠦ ᠶᠢ ᠠᠬᠢᠭᠤᠯᠵᠤ᠂ | ᠲᠠᠷᠢᠶᠠᠯᠠᠩ ᠤᠨ ᠪᠦᠲᠦᠭᠡᠭᠳᠡᠬᠦᠨ ᠤ ᠬᠥᠲᠥᠴᠢ ᠠᠵᠤ ᠠᠬᠤᠶᠢᠯᠠᠯ ᠤᠨ ᠪᠠᠷᠢᠮᠵᠢᠶ᠎ᠠ ᠮᠠᠶ᠋ᠢᠭ᠂ ᠲᠥᠷᠥᠯ ᠲᠡᠮᠳᠡᠭᠲᠦ ᠪᠠᠷ | ᠬᠥᠭᠵᠢᠬᠦ ᠶᠢ ᠠᠬᠢᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 3. ᠳᠤᠮᠳᠠ ᠵᠢᠵᠢᠭ ᠪᠢᠴᠢᠯ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠨᠢᠭᠡ ᠪᠦᠯᠦᠭ ᠲᠤᠰᠬᠠᠢ ᠨᠠᠷᠢᠯᠢᠭ ᠣᠨᠴᠠ ᠰᠢᠨ᠎ᠡ ᠳᠤᠮᠳᠠ | ᠵᠢᠵᠢᠭ ᠪᠢᠴᠢᠯ ᠬᠡᠯᠪᠡᠷᠢ ᠶᠢᠨ ᠭᠦᠢᠯᠭᠡᠭᠡᠨ ᠤ ᠠᠵᠤ ᠠᠬᠤᠶᠢᠯᠠᠯ ᠢ ᠲᠡᠳᠬᠦᠨ ᠲᠡᠮᠵᠢᠵᠤ᠂ ᠠᠵᠤ ᠠᠬᠤᠶᠢᠯᠠᠯ ᠤᠨ | ᠵᠠᠬ᠎ᠠ ᠳᠡᠯᠭᠡᠭᠦᠷ ᠤᠨ ᠲᠠᠯᠳᠠ ᠬᠦᠴᠦᠨ ᠢᠶᠠᠨ ᠠᠭᠤᠳᠠᠯᠤᠨ ᠨᠠᠷᠢᠨ ᠬᠤᠪᠢᠶᠠᠵᠤ᠂ ᠥᠷᠢᠰᠦᠯᠳᠦᠭᠡᠨ ᠤ ᠥᠪᠡᠷᠮᠢᠴᠡ | ᠳᠠᠪᠠᠭᠤᠯᠢᠭ ᠢ ᠪᠣᠶᠢᠵᠢᠭᠤᠯᠤᠨ᠂ ᠨᠠᠷᠢᠯᠢᠭᠵᠢᠭᠰᠠᠨ᠂ ᠤᠯᠠᠨ ᠡᠰᠢᠵᠢᠭᠰᠡᠨ᠂ ᠴᠢᠨᠠᠷᠵᠢᠭᠰᠠᠨ ᠬᠥᠭᠵᠢᠯᠲᠡ ᠶᠢ | ᠪᠡᠶᠡᠯᠡᠭᠦᠯᠬᠦ ᠶᠢ ᠵᠣᠷᠢᠭᠵᠢᠭᠤᠯᠤᠨ᠎ᠠ᠃ ᠲᠠᠪᠴᠠᠩ ᠤᠨ ᠬᠡᠯᠪᠡᠷᠢ ᠶᠢᠨ᠂ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠲᠣᠭᠠᠴᠢᠯᠠᠭᠰᠠᠨ ᠮᠡᠷᠭᠡᠵᠢᠯ ᠢ ᠠᠰᠢᠭᠯᠠᠨ ᠪᠡᠶ᠎ᠡ ᠪᠠᠨ ᠳᠠᠭᠠᠭᠠᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ | ᠵᠣᠷᠢᠭᠵᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠲᠥᠪᠯᠡᠷᠡᠭᠦᠯᠦᠨ ᠬᠤᠳᠠᠯᠳᠤᠨ ᠠᠪᠴᠤ ᠲᠥᠪᠯᠡᠷᠡᠭᠦᠯᠦᠨ | ᠲᠣᠬᠢᠷᠠᠭᠤᠯᠬᠤ᠂ ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ᠂ ᠮᠡᠷᠭᠡᠵᠢᠯ ᠤᠨ ᠬᠠᠮᠢᠶᠠᠷᠤᠯᠲᠠ ᠵᠡᠷᠭᠡ ᠬᠦᠷᠢᠶ᠎ᠡ | ᠴᠠᠷᠠᠭ᠎ᠠ ᠶᠢᠨ ᠲᠤᠷᠰᠢᠯᠭ᠎ᠠ ᠪᠠᠨ ᠬᠤᠪᠢᠶᠠᠯᠴᠠᠬᠤ ᠶᠢ ᠵᠣᠷᠢᠭᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠮᠵᠢᠶ᠎ᠡ ᠶᠢ ᠪᠤᠵᠠᠭᠠᠶᠢᠷᠠᠭᠤᠯᠤᠨ᠂ ᠬᠥᠭᠵᠢᠯᠲᠡ ᠶᠢᠨ ᠰᠡᠯᠭᠦᠬᠦ | ᠬᠦᠴᠦᠨ ᠢ ᠴᠢᠩᠭᠠᠷᠠᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠵᠢᠷᠭᠤᠭ᠎ᠠ︶ ᠳᠣᠲᠣᠭᠠᠳᠤ ᠭᠠᠳᠠᠭᠠᠳᠤ ᠠᠷᠠᠯᠵᠢᠶᠠᠨ ᠤ ᠭᠦᠢᠯᠭᠡᠭᠡᠨ ᠤ ᠨᠢᠭᠡ ᠴᠣᠭᠴᠠᠵᠢᠭᠰᠠᠨ | ᠬᠥᠭᠵᠢᠯᠲᠡ ᠶᠢ ᠠᠬᠢᠭᠤᠯᠤᠨ᠎ᠠ | 1. ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠦᠨ᠎ᠡ᠃ ᠤᠯᠤᠰ ᠤᠨ | ᠴᠢᠯᠦᠭᠡᠲᠦ ᠠᠷᠠᠯᠵᠢᠶ᠎ᠠ ᠶᠢᠨ ᠲᠤᠷᠰᠢᠯᠲᠠ ᠶᠢᠨ ᠣᠷᠣᠨ ᠢ ᠭᠤᠶᠤᠴᠢᠯᠠᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ | ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠡᠷᠭᠡ | ᠲᠠᠪᠴᠠᠩ ᠤᠨ ᠠᠬᠢᠭᠤᠯᠬᠤ ᠦᠢᠯᠡᠳᠦᠯ ᠢ ᠪᠠᠳᠠᠷᠠᠭᠤᠯᠤᠨ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ᠂ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠬᠠᠶᠢᠨ | ᠰᠦᠪᠡᠭᠴᠢᠯᠡᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠪᠠᠶᠢᠭᠤᠯᠤᠯ ᠲᠣᠭᠲᠠᠴᠠ ᠶᠢ ᠵᠣᠯᠭᠠᠭᠤᠯᠬᠤ ᠪᠠ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ | ᠵᠢᠵᠢᠭᠯᠡᠨ ᠪᠣᠷᠣᠯᠠᠭᠤᠯᠬᠤ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ ᠠᠵᠢᠯᠯᠠᠭ᠎ᠠ ᠶᠢ ᠵᠢᠷᠤᠮᠵᠢᠭᠤᠯᠤᠨ ᠡᠷᠡᠭᠦᠯ ᠢᠶᠠᠷ | ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠬᠢᠯᠢ ᠠᠯᠤᠰᠯᠠᠭᠰᠠᠨ ᠭᠤᠪᠢᠭᠤᠯᠤᠯᠭ᠎ᠠ ᠶᠢᠨ | ᠪᠠᠷᠠᠭᠠᠨ ᠤ ᠭᠦᠢᠯᠭᠡᠭᠡᠨ ᠤ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠳᠤ ᠬᠢᠯᠢ ᠠᠯᠤᠰᠯᠠᠭᠰᠠᠨ | O2O ᠪᠡᠶᠡᠴᠢᠯᠡᠨ ᠣᠶᠢᠯᠠᠭᠠᠬᠤ ᠳᠡᠯᠭᠡᠭᠦᠷ ᠪᠠᠶᠢᠭᠤᠯᠬᠤ ᠶᠢ ᠵᠣᠷᠢᠭᠵᠢᠭᠤᠯᠵᠤ᠂ ᠦᠢᠯᠡᠳᠬᠦᠨ ᠤ ᠬᠠᠩᠭᠠᠯᠭ᠎ᠠ ᠶᠢ | ᠪᠠᠶᠠᠯᠢᠭᠵᠢᠭᠤᠯᠤᠨ᠂ ᠤᠯᠤᠰ ᠤᠨ ᠳᠣᠲᠣᠭᠠᠳᠤ ᠶᠢᠨ ᠬᠡᠷᠡᠭᠯᠡᠭᠡ ᠶᠢ ᠠᠬᠢᠭᠤᠯᠤᠨ᠎ᠠ᠃ ︵ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶ᠎ᠠ᠂ ᠰᠠᠶᠢᠬᠠᠨ ᠪᠣᠭᠤᠮᠲᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 2. ᠠᠵᠤ ᠠᠬᠤᠶᠢᠯᠠᠯ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠡᠵᠡᠩᠨᠡᠬᠦ ᠶᠢ | ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠣᠲᠣᠷᠠᠬᠢ ᠭᠠᠳᠠᠭᠠᠳᠤ ᠠᠷᠠᠯᠵᠢᠶ᠎ᠠ ᠶᠢ ᠨᠢᠭᠡ | ᠴᠣᠭᠴᠠᠵᠢᠭᠤᠯᠬᠤ ᠲᠤᠷᠰᠢᠯᠲᠠ ᠶᠢᠨ ᠠᠵᠤ ᠠᠬᠤᠶᠢᠯᠠᠯ ᠢ ᠨᠠᠩ ᠣᠯᠠᠨ ᠪᠣᠶᠢᠵᠢᠭᠤᠯᠵᠤ᠂ ᠭᠠᠳᠠᠭᠠᠳᠤ ᠠᠷᠠᠯᠵᠢᠶ᠎ᠠ ᠶᠢᠨ | ᠲᠥᠷᠥ ᠶᠢᠨ ᠪᠣᠳᠣᠯᠭ᠎ᠠ ᠶᠢᠨ ᠪᠣᠳᠠᠲᠤ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠂ ᠭᠠᠳᠠᠭᠠᠳᠤ ᠠᠷᠠᠯᠵᠢᠶ᠎ᠠ ᠶᠢᠨ | ᠠᠵᠤ ᠠᠬᠤᠶᠢᠯᠠᠯ ᠠᠷᠠᠯᠵᠢᠶᠠᠨ ᠤ ᠰᠢᠨ᠎ᠡ ᠠᠷᠭ᠎ᠠ ᠵᠠᠮ ᠨᠡᠭᠡᠭᠡᠬᠦ ᠶᠢ ᠳᠡᠮᠵᠢᠨ᠎ᠡ᠃ ᠭᠠᠳᠠᠭᠠᠳᠤ ᠠᠷᠠᠯᠵᠢᠶᠠᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠳᠦᠯ ᠢ ᠪᠠᠳᠠᠷᠠᠭᠤᠯᠵᠤ᠂ ᠨᠠᠩ ᠣᠯᠠᠨ ᠵᠢᠵᠢᠭ | ᠪᠢᠴᠢᠯ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠠᠶᠢᠴᠢᠯᠠᠨ᠎ᠠ᠃ | ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠮ | ᠦᠵᠡᠰᠬᠦᠯᠡᠩ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ | ᠦᠵᠡᠰᠬᠦᠯᠡᠩ ᠤᠨ ᠴᠤᠭᠯᠠᠭᠠᠨ᠂ ᠬᠡᠷᠡᠭᠯᠡᠭᠡᠨ ᠤ ᠵᠦᠢᠯ ᠤᠨ ᠦᠵᠡᠰᠬᠦᠯᠡᠩ ᠤᠨ ᠴᠤᠭᠯᠠᠭᠠᠨ᠂ ᠳᠤᠮᠳᠠᠳᠤ | ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠥᠪᠥᠷ ᠮᠣᠩᠭᠤᠯ ᠤᠨ ᠪᠣᠬᠢᠷᠲᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠣᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠵᠡᠷᠭᠡ ᠤᠯᠤᠰ ᠤᠨ | ᠳᠣᠲᠣᠭᠠᠳᠤ ᠶᠢᠨ ᠭᠤᠣᠯᠳᠠᠯᠭ᠎ᠠ ᠲᠠᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠵᠡᠰᠬᠦᠯᠡᠩ ᠤᠨ | ᠴᠤᠭᠯᠠᠭᠠᠨ ᠤ ᠠᠵᠠ ᠲᠣᠬᠢᠶᠠᠯ ᠢ ᠭᠦᠢᠴᠡᠳ ᠠᠰᠢᠭᠯᠠᠨ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠪᠣᠯᠣᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ | ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢᠨ ᠵᠣᠯᠭᠠᠯᠳᠤᠯ ᠢ ᠠᠬᠢᠭᠤᠯᠤᠨ᠎ᠠ᠃ ᠥᠪᠥᠷ ᠮᠣᠩᠭᠤᠯ ᠤᠨ ᠨᠠᠩ | ᠣᠯᠠᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠥᠬᠦ ᠤᠯᠤᠰ ᠲᠤ ᠬᠠᠨᠳᠤᠬᠤ᠂ | ᠳᠡᠯᠡᠬᠡᠢ ᠳᠤ ᠬᠠᠨᠳᠤᠬᠤ ᠶᠢ ᠠᠬᠢᠭᠤᠯᠵᠤ᠂ ᠪᠦᠲᠦᠭᠡᠭᠳᠡᠬᠦᠨ ᠤ ᠨᠡᠷ᠎ᠡ ᠠᠯᠳᠠᠷ ᠤᠨ ᠬᠡᠮᠵᠢᠶ᠎ᠡ ᠪᠠ ᠲᠥᠷᠥᠯ | ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠰᠠᠶᠢᠬᠠᠨ | ᠪᠣᠭᠤᠮᠲᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ᠲᠠᠪᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠦᠷᠭᠡᠨ ᠬᠥᠭᠵᠢᠭᠦᠯᠦᠨ᠎ᠡ | ︵ᠨᠢᠭᠡ︶ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠣᠣᠷ ᠢ | ᠪᠠᠶᠢᠭᠤᠯᠤᠨ᠎ᠠ | 1. ᠭᠤᠣᠯᠯᠠᠬᠤ ᠪᠠᠷᠠᠭᠠᠨ ᠤ ᠭᠦᠢᠯᠭᠡᠭᠡᠨ ᠤ ᠬᠦᠢᠰᠦ ᠶᠢ ᠲᠦᠷᠭᠡᠨ ᠪᠠᠶᠢᠭᠤᠯᠤᠨ᠎ᠠ᠃ ᠬᠥᠬᠡᠬᠤᠲᠠ ᠶᠢᠨ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ᠂ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ | ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠰᠢᠨ᠎ᠡ ᠨᠢᠰᠬᠡᠯ ᠤᠨ ᠪᠠᠭᠤᠳᠠᠯ ᠤᠨ ᠠᠭᠠᠷ ᠤᠨ ᠭᠠᠷᠠᠮ ᠤᠨ | ᠪᠠᠷᠠᠭᠠᠨ ᠤ ᠭᠦᠢᠯᠭᠡᠭᠡᠨ ᠤ ᠬᠦᠢᠰᠦ ᠵᠢᠴᠢ ᠤᠯᠤᠰ ᠤᠨ ᠭᠤᠣᠯᠯᠠᠬᠤ ᠬᠦᠢᠲᠡᠨ ᠬᠡᠯᠬᠢᠶᠡᠨ ᠤ ᠪᠠᠷᠠᠭᠠᠨ ᠤ | ᠭᠦᠢᠯᠭᠡᠭᠡᠨ ᠤ ᠰᠠᠭᠤᠷᠢᠨ ᠢ ᠪᠦᠲᠦᠭᠡᠨ ᠪᠠᠶᠢᠭᠤᠯᠬᠤ ᠳᠤ ᠲᠦᠰᠢᠭᠯᠡᠨ᠂ ᠪᠥᠬᠦ ᠬᠤᠲᠠ ᠶᠢᠨ ᠣᠨᠴᠠ ᠲᠣᠭᠲᠠᠭᠰᠠᠨ | ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠬᠦᠴᠦᠨ ᠵᠦᠢᠯ ᠤᠨ ᠡᠬᠢ ᠪᠠᠶᠠᠯᠢᠭ ᠢ ᠨᠡᠶᠢᠳᠬᠡᠵᠦ᠂ | ᠰᠢᠯᠢᠳᠡᠭᠵᠢᠭᠦᠯᠵᠦ᠂ ᠲᠥᠪᠯᠡᠷᠡᠭᠦᠯᠵᠦ᠂ ︽ᠨᠡᠪᠲᠡᠷᠡᠬᠦ ᠵᠠᠮ + ᠬᠦᠢᠰᠦ + ᠰᠦᠯᠵᠢᠶ᠎ᠡ︾ ᠶᠢᠨ ᠣᠲᠣ ᠦᠶ᠎ᠡ ᠶᠢᠨ | ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠰᠢᠰᠲ᠋ᠧᠮᠵᠢ ᠶᠢ ᠪᠠᠶᠢᠭᠤᠯᠬᠤ ᠶᠢ ᠲᠤᠯᠭᠠᠭᠤᠷᠢᠯᠠᠬᠤ ᠶᠢᠨ ᠲᠣᠭᠤᠷᠢᠨ ᠳᠤ᠂ | ᠪᠠᠶᠢᠭ᠎ᠠ ᠪᠠᠨ ᠰᠢᠯᠢᠳᠡᠭᠵᠢᠭᠦᠯᠦᠨ᠂ ᠨᠡᠮᠡᠭᠳᠡᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠪᠠᠷᠠᠭᠠᠨ ᠤ ᠭᠦᠢᠯᠭᠡᠭᠡᠨ ᠤ | ᠲᠥᠷᠥᠯ ᠵᠦᠢᠯ ᠳᠤ ᠭᠠᠵᠠᠷ ᠰᠢᠷᠣᠢ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠪᠠ ᠢᠵᠢ | ᠪᠦᠷᠢᠳᠦᠭᠦᠯᠬᠦ ᠳᠡᠮᠵᠢᠯᠭᠡ ᠣᠯᠭᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠲᠦᠷᠦᠭᠦᠯᠡᠵᠦ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | 2. ᠭᠤᠣᠯ ᠰᠠᠯᠪᠤᠷᠢ ᠱᠤᠭᠤᠮ ᠬᠥᠮᠥᠷᠭᠡᠯᠡᠵᠦ ᠬᠦᠷᠭᠡᠬᠦ ᠲᠣᠣᠷ ᠢ ᠵᠣᠯᠭᠠᠭᠤᠯᠬᠤ ᠶᠢ ᠴᠢᠩᠭᠠᠳᠬᠠᠨ᠎ᠠ᠃ | ᠮᠣᠩᠭᠤᠯ ᠣᠷᠣᠰ ᠡᠸᠦ᠋ᠷᠦᠫᠡ᠂ ᠳᠤᠮᠳᠠᠳᠤ ᠠᠽᠢᠶ᠎ᠠ᠂ ᠪᠡᠭᠡᠵᠢᠩ ᠲᠢᠶᠠᠨᠵᠢᠨ ᠾᠧᠪᠧᠢ ᠳᠤ ᠬᠠᠨᠳᠤᠭᠤᠯᠤᠭᠰᠠᠨ | ᠭᠤᠣᠯ ᠱᠤᠭᠤᠮ ᠤᠨ ᠵᠠᠯᠭᠠᠬᠤ ᠴᠢᠳᠠᠪᠤᠷᠢ ᠪᠠ ᠰᠠᠭᠠᠳ ᠦᠭᠡᠢ ᠨᠡᠪᠲᠡᠷᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ | ᠲᠡᠮᠦᠷ ᠵᠠᠮ᠂ ᠠᠭᠠᠷ ᠤᠨ ᠠᠶᠠᠯᠠᠯ᠂ ᠬᠠᠭᠤᠷᠠᠢ ᠪᠠ ᠲᠡᠯᠡᠶ ᠶᠢᠨ ᠬᠠᠮᠲᠤᠷᠠᠭᠰᠠᠨ ᠲᠡᠭᠡᠭᠡᠪᠦᠷᠢ ᠵᠡᠷᠭᠡ ᠭᠤᠣᠯ | ᠱᠤᠭᠤᠮ ᠤᠨ ᠲᠤᠬᠠᠶᠢᠯᠠᠭᠰᠠᠨ ᠠᠵᠢᠯ ᠤᠨ ᠬᠡᠪᠴᠢᠶᠡᠵᠢᠭᠰᠡᠨ᠂ ᠪᠠᠶᠢᠩᠭᠤᠵᠢᠭᠰᠠᠨ ᠠᠶᠠᠯᠠᠯ ᠢ ᠳᠡᠮᠵᠢᠨ ᠠᠬᠢᠭᠤᠯᠤᠨ᠎ᠠ | ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ᠂ ᠮᠤᠵᠢ ᠶᠢᠨ ᠬᠤᠭᠤᠷᠣᠨᠳᠣᠬᠢ ᠭᠤᠣᠯᠯᠠᠬᠤ ᠬᠦᠢᠰᠦ ᠶᠢᠨ | ᠬᠦᠷᠢᠶᠡᠯᠡᠩ ᠲᠣᠭᠤᠷᠢᠭ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ︽ᠭᠤᠣᠯ ᠱᠤᠭᠤᠮ ᠤᠨ | ᠲᠡᠭᠡᠭᠡᠪᠦᠷᠢ + ᠣᠷᠣᠨ ᠪᠦᠰᠡ ᠶᠢᠨ ᠲᠣᠣᠷ︾ ᠤᠨ ᠲᠡᠭᠡᠭᠡᠪᠦᠷᠢ ᠶᠢᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ | ᠡᠭᠦᠳᠦᠨ ᠬᠥᠭᠵᠢᠬᠦ ᠶᠢ ᠵᠣᠷᠢᠭᠵᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠵᠢᠴᠢ | ᠬᠤᠳᠠ ᠬᠥᠳᠡᠭᠡ ᠳᠤ ᠬᠠᠨᠳᠤᠭᠤᠯᠤᠭᠰᠠᠨ ᠰᠠᠯᠪᠤᠷᠢ ᠱᠤᠭᠤᠮ᠂ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠦᠷ᠎ᠡ | ᠪᠦᠲᠦᠮᠵᠢ ᠶᠢ ᠨᠡᠮᠡᠭᠳᠡᠭᠦᠯᠦᠨ᠎ᠡ᠃ ᠪᠤᠰᠤᠳ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠭᠤᠣᠯ | ᠱᠤᠭᠤᠮ ᠤᠨ ᠲᠡᠭᠡᠭᠡᠪᠦᠷᠢ ᠯᠦᠭᠡ ᠵᠣᠯᠭᠠᠭᠤᠯᠤᠨ ᠨᠡᠶᠢᠯᠡᠭᠦᠯᠬᠦ ᠶᠢ ᠲᠦᠷᠭᠡᠳᠬᠡᠵᠦ᠂ ᠪᠥᠬᠦ ᠤᠯᠤᠰ ᠤᠨ ᠬᠦᠢᠰᠦ ᠶᠢᠨ | ᠲᠣᠣᠷ ᠮᠠᠶ᠋ᠢᠭ ᠤᠨ ᠠᠵᠢᠯᠯᠠᠭᠠᠨ ᠤ ᠵᠠᠭᠪᠤᠷ ᠢ ᠪᠦᠷᠢᠯᠳᠦᠭᠦᠯᠦᠨ᠎ᠡ᠃ ︵ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | | 3. ᠳᠣᠲᠣᠭᠠᠳᠤ ᠭᠠᠳᠠᠭᠠᠳᠤ ᠶᠢ ᠬᠤᠯᠪᠣᠭᠰᠠᠨ ᠪᠠᠷᠠᠭᠠᠨ ᠤ ᠭᠦᠢᠯᠭᠡᠭᠡᠨ ᠤ ᠲᠣᠣᠷ ᠢ ᠲᠡᠭᠦᠯᠳᠡᠷᠵᠢᠭᠦᠯᠦᠨ᠎ᠡ᠃ | ᠤᠯᠠᠨ ᠤᠯᠤᠰ ᠤᠨ ᠪᠠᠷᠠᠭ᠎ᠠ ᠲᠡᠭᠡᠭᠡᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ | ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠱᠤᠭᠤᠮ ᠢ ᠤᠷᠲᠤᠳᠬᠠᠨ | ᠪᠠᠶᠠᠯᠢᠭᠵᠢᠭᠤᠯᠵᠤ᠂ ᠬᠤᠣᠰ ᠴᠢᠭᠯᠡᠯ ᠤᠨ ᠪᠠᠷᠠᠭᠠᠨ ᠤ ᠢᠷᠡᠯᠲᠡ ᠶᠢ ᠵᠣᠬᠢᠶᠠᠨ ᠪᠠᠶᠢᠭᠤᠯᠬᠤ ᠬᠡᠯᠪᠡᠷᠢ ᠶᠢ | ᠥᠷᠭᠡᠳᠬᠡᠵᠦ᠂ ᠬᠢᠯᠢ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠳᠤ | ᠳᠥᠭᠦᠮ ᠦᠵᠡᠭᠦᠯᠦᠨ᠎ᠡ᠃ ᠬᠥᠬᠡᠬᠤᠲᠠ ᠶᠢᠨ ᠣᠯᠠᠨ ᠤᠯᠤᠰ ᠤᠨ ᠠᠭᠠᠷ ᠤᠨ ᠠᠶᠠᠯᠠᠯ ᠤᠨ ᠲᠦᠷᠭᠡᠨ | ᠬᠦᠷᠭᠡᠯᠲᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠬᠡᠬᠤᠲᠠ ᠶᠢᠨ ᠠᠭᠠᠷ ᠤᠨ | ᠠᠶᠠᠯᠠᠯ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠭᠡᠮᠨᠡᠷᠡᠯ ᠤᠨ ᠬᠠᠭᠤᠷᠠᠢ ᠠᠭᠠᠷ ᠤᠨ | ᠬᠤᠯᠪᠤᠭᠠᠯᠠᠨ ᠲᠡᠭᠡᠭᠡᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠨᠢᠭᠡ ᠪᠦᠰᠡ ᠨᠢᠭᠡ ᠵᠠᠮ︾ | ᠳᠠᠭᠠᠤ ᠶᠢᠨ ᠤᠯᠤᠰ ᠪᠠ ᠭᠠᠵᠠᠷ ᠣᠷᠣᠨ ᠯᠤᠭ᠎ᠠ ᠶᠢᠨ ᠪᠠᠷᠠᠭᠠᠨ ᠤ ᠭᠦᠢᠯᠭᠡᠭᠡᠨ ᠤ ᠬᠠᠮᠲᠤᠷᠠᠯᠴᠠᠭ᠎ᠠ ᠶᠢ | ᠴᠢᠩᠭᠠᠳᠬᠠᠵᠤ᠂ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠣᠷᠣᠯᠠᠨ ᠭᠦᠢᠴᠡᠳᠬᠡᠬᠦ᠂ ᠲᠦᠷᠭᠡᠨ ᠬᠦᠷᠭᠡᠬᠦ᠂ | ᠬᠥᠮᠥᠷᠭᠡᠯᠡᠨ ᠬᠠᠳᠠᠭᠠᠯᠠᠬᠤ ᠵᠡᠷᠭᠡ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠨᠠᠩ ᠣᠯᠠᠨ ᠣᠯᠠᠨ | ᠤᠯᠤᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠲᠠᠲᠠᠵᠤ ᠬᠥᠬᠡᠬᠤᠲᠠ ᠳᠤ ᠬᠤᠪᠢᠶᠠᠷᠢ ᠰᠠᠯᠪᠤᠷᠢ | ᠪᠠᠶᠢᠭᠤᠯᠤᠮᠵᠢ ᠪᠠᠶᠢᠭᠤᠯᠵᠤ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠠᠩᠭᠠᠯᠭ᠎ᠠ ᠶᠢᠨ ᠬᠡᠯᠬᠢᠶ᠎ᠡ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ | ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 4. ᠪᠠᠷᠠᠭᠠᠨ ᠤ ᠭᠦᠢᠯᠭᠡᠭᠡᠨ ᠤ ᠠᠭᠤᠰᠤᠯᠴᠠᠨ ᠰᠢᠨ᠎ᠡ ᠶᠢ ᠡᠭᠦᠳᠦᠭᠰᠡᠨ ᠬᠥᠭᠵᠢᠯᠲᠡ ᠶᠢ ᠲᠦᠯᠬᠢᠨ | ᠠᠬᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠦᠢᠯᠡᠳᠪᠦᠷᠢᠯᠡᠨ ᠦᠢᠯᠡᠳᠬᠦ ᠪᠠ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠯᠤᠭ᠎ᠠ ᠭᠦᠨᠵᠡᠭᠡᠢ ᠬᠠᠮᠵᠢᠯᠴᠠᠵᠤ ᠶᠢ ᠳᠡᠮᠵᠢᠵᠦ᠂ ᠪᠠᠷᠠᠭᠠᠨ ᠤ | ᠭᠦᠢᠯᠭᠡᠭᠡ ᠶᠢᠨ ᠦᠢᠯᠡᠳᠪᠦᠷᠢᠯᠡᠬᠦ᠂ ᠦᠢᠯᠡᠳᠬᠦ᠂ ᠬᠤᠳᠠᠯᠳᠤᠨ ᠠᠪᠬᠤ᠂ ᠰᠠᠯᠭᠠᠨ ᠪᠣᠷᠣᠯᠠᠭᠤᠯᠬᠤ᠂ ᠳ᠋ᠦᠩᠨᠡᠨ | ᠪᠤᠳᠤᠬᠤ ᠵᠡᠷᠭᠡ ᠦᠢᠯᠡᠴᠢᠯᠡᠭᠡ ᠲᠠᠢ ᠣᠷᠭᠠᠨᠢᠭ ᠢᠶᠠᠷ ᠤᠶᠠᠯᠳᠤᠬᠤ ᠶᠢ ᠠᠬᠢᠭᠤᠯᠵᠤ᠂ ᠪᠠᠷᠠᠭᠠᠨ ᠤ ᠭᠦᠢᠯᠭᠡᠭᠡ ᠬᠢᠭᠡᠳ | ᠠᠵᠤ ᠦᠢᠯᠡᠰ ᠬᠠᠷᠢᠯᠴᠠᠨ ᠠᠬᠢᠭᠤᠯᠤᠭᠰᠠᠨ ᠬᠥᠭᠵᠢᠯᠲᠡ ᠶᠢᠨ ᠠᠮᠢ ᠠᠬᠤᠢ ᠶᠢ ᠪᠣᠶ ᠪᠣᠯᠭᠠᠨ᠎ᠠ᠃ ᠤᠯᠤᠰ ᠤᠨ | ᠪᠠᠷᠠᠭᠠᠨ ᠤ ᠭᠦᠢᠯᠭᠡᠭᠡᠨ ᠤ ᠬᠦᠢᠰᠦ ᠠᠴᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠠᠸᠠᠷ ᠤᠨ | ᠠᠷᠠᠯᠵᠢᠶ᠎ᠠ ᠶᠢᠨ ᠵᠠᠬ᠎ᠠ ᠳᠡᠯᠭᠡᠭᠦᠷ ᠵᠡᠷᠭᠡ ᠯᠦᠭᠡ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠵᠤ᠂ ᠬᠤᠯᠪᠤᠭᠠᠯᠠᠨ | ᠬᠥᠭᠵᠢᠬᠦ ᠪᠠᠨ ᠴᠢᠩᠭᠠᠳᠬᠠᠬᠤ ᠶᠢ ᠬᠥᠲᠥᠯᠥᠨ ᠵᠢᠯᠣᠭᠤᠳᠴᠤ᠂ ᠬᠦᠢᠰᠦ ᠶᠢᠨ ᠠᠵᠤ ᠠᠬᠤᠢ ᠶᠢ ᠪᠣᠶᠢᠵᠢᠭᠤᠯᠤᠨ | ᠪᠤᠵᠠᠭᠠᠶᠢᠷᠠᠭᠤᠯᠤᠨ᠎ᠠ᠃ ᠪᠠᠷᠠᠭᠠᠨ ᠤ ᠭᠦᠢᠯᠭᠡᠭᠡᠨ ᠤ ᠲᠠᠪᠴᠠᠩ ᠤᠨ ᠠᠵᠤ ᠠᠬᠤᠶᠢᠯᠠᠯ ᠪᠠᠷᠠᠭᠠᠨ ᠤ ᠭᠦᠢᠯᠭᠡᠭᠡᠨ ᠤ | ᠮᠡᠳᠡᠭᠡ ᠵᠠᠩᠭᠢ ᠶᠢᠨ ᠲᠠᠪᠴᠠᠩ ᠤᠨ ᠴᠢᠳᠠᠮᠵᠢ ᠪᠠᠨ ᠦᠷᠭᠡᠳᠭᠡᠬᠦ ᠶᠢ ᠵᠤᠷᠢᠭᠵᠢᠭᠤᠯᠵᠤ᠂ ᠬᠥᠮᠥᠨ᠂ ᠲᠡᠷᠭᠡ᠂ ᠪᠠᠷᠠᠭ᠎ᠠ | ᠂ ᠬᠥᠮᠥᠷᠭᠡ ᠵᠡᠷᠭᠡ ᠪᠠᠷᠠᠭᠠᠨ ᠤ ᠭᠦᠢᠯᠭᠡᠭᠡᠨ ᠤ ᠲᠠᠷᠠᠬᠠᠢ ᠪᠤᠲᠠᠷᠬᠠᠢ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠬᠤ ᠶᠢ ᠰᠢᠯᠢᠳᠡᠭᠵᠢᠭᠦᠯᠦᠨ᠂ ᠪᠠᠷᠠᠭᠠᠨ ᠤ ᠭᠦᠢᠯᠭᠡᠭᠡ ᠶᠢ ᠨᠢᠭᠡ ᠴᠣᠭᠴᠠᠵᠢᠭᠤᠯᠤᠨ ᠵᠣᠬᠢᠶᠠᠨ ᠪᠠᠶᠢᠭᠤᠯᠬᠤ | ᠵᠠᠭᠪᠤᠷ ᠢ ᠡᠭᠦᠳᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ | ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠬᠠᠮᠵᠢᠯᠴᠠᠨ᠎ᠠ︶ | ︵ᠬᠤᠶᠠᠷ︶ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | 1. ᠤᠯᠤᠰ ᠤᠨ ᠭᠤᠣᠯᠯᠠᠬᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ | ᠲᠦᠷᠭᠡᠳᠬᠡᠨ ᠪᠠᠶᠢᠭᠤᠯᠤᠨ᠎ᠠ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠯᠦᠭᠡ ᠬᠤᠯᠪᠤᠭᠠᠯᠠᠨ | ᠬᠥᠳᠡᠯᠦᠯᠴᠡᠨ ᠵᠣᠯᠭᠠᠭᠤᠯᠬᠤ ᠶᠢ ᠴᠢᠩᠭᠠᠳᠬᠠᠨ᠂ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ | ᠬᠠᠳᠠᠭᠠᠯᠠᠭᠳᠠᠵᠤ ᠪᠠᠶᠢᠭ᠎ᠠ ᠪᠡᠯᠡᠳᠬᠡᠮᠵᠢ ᠶᠢᠨ ᠡᠬᠢ ᠪᠠᠶᠠᠯᠢᠭ ᠢ ᠨᠡᠶᠢᠯᠡᠭᠦᠯᠦᠨ ᠨᠡᠶᠢᠳᠬᠡᠵᠦ᠂ ᠴᠢᠳᠠᠪᠤᠷᠢ ᠶᠢᠨ | ᠴᠢᠨᠠᠷᠲᠠᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠦᠢᠯᠡᠰ ᠢᠶᠠᠷ ᠬᠥᠲᠥᠯᠥᠨ | ᠳᠠᠭᠠᠭᠤᠯᠬᠤ᠂ ᠭᠠᠷᠤᠯᠲᠠ ᠶᠢᠨ ᠣᠷᠣᠨ ᠤ ᠦᠢᠯᠡᠴᠢᠯᠡᠭᠡᠨ᠂ ᠬᠤᠲᠠ ᠶᠢᠨ ᠦᠢᠯᠡᠴᠢᠯᠡᠭᠡᠨ᠂ ᠳᠠᠮᠵᠢᠭᠤᠯᠤᠨ | ᠲᠥᠪᠯᠡᠷᠡᠭᠦᠯᠦᠨ ᠲᠠᠷᠬᠠᠭᠠᠬᠤ᠂ ᠦᠢᠯᠡᠳᠪᠦᠷᠢᠯᠡᠵᠦ ᠡᠳ᠋ᠰᠢᠭᠦᠯᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢᠨ ᠣᠨᠴᠠᠯᠢᠭ ᠢ | ᠳᠣᠪᠤᠶᠢᠯᠭᠠᠵᠤ᠂ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠪᠥᠭᠡᠮᠨᠡᠷᠡᠯ ᠢ ᠪᠣᠶ ᠪᠣᠯᠭᠠᠨ᠎ᠠ᠃ ᠪᠤᠰᠤᠳ | ᠤᠯᠤᠰ ᠤᠨ ᠭᠤᠣᠯᠯᠠᠬᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠦᠢᠯᠡᠳᠪᠦᠷᠢᠯᠡᠯ | ᠪᠣᠷᠤᠯᠠᠭᠤᠯᠭ᠎ᠠ ᠶᠢᠨ ᠬᠦᠢᠲᠡᠨ ᠬᠡᠯᠬᠢᠶᠡᠨ ᠤ ᠲᠥᠪᠯᠡᠷᠡᠭᠦᠯᠦᠨ ᠲᠣᠬᠢᠷᠠᠭᠤᠯᠬᠤ ᠲᠥᠪ ᠤᠨ ᠬᠤᠭᠤᠷᠣᠨᠳᠣᠬᠢ ᠴᠢᠳᠠᠮᠵᠢ | ᠬᠢᠭᠡᠳ ᠲᠤᠬᠠᠶᠢᠯᠠᠭᠰᠠᠨ ᠠᠵᠢᠯ ᠤᠨ ᠵᠣᠯᠭᠠᠭᠤᠯᠤᠯᠲᠠ ᠪᠠᠨ ᠴᠢᠩᠭᠠᠳᠬᠠᠬᠤ ᠶᠢ ᠬᠥᠲᠥᠯᠥᠨ ᠵᠢᠯᠤᠭᠤᠳᠴᠤ᠂ | ᠤᠯᠤᠰ ᠤᠨ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠭᠤᠣᠯᠯᠠᠬᠤ ᠵᠠᠮ ᠳᠤ ᠢᠳᠡᠪᠬᠢᠲᠡᠢ ᠪᠠᠷ | ᠠᠭᠤᠰᠤᠯᠴᠠᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠬᠠᠮᠵᠢᠯᠴᠠᠨ᠎ᠠ︶ | 2. ᠬᠦᠢᠲᠡᠨ ᠬᠡᠯᠬᠢᠶᠡᠨ ᠤ ᠲᠥᠪᠯᠡᠷᠡᠭᠦᠯᠦᠨ ᠲᠣᠬᠢᠷᠠᠭᠤᠯᠬᠤ ᠲᠥᠪ ᠢ ᠲᠦᠷᠭᠡᠨ ᠪᠠᠶᠢᠭᠤᠯᠤᠨ᠎ᠠ᠃ | ᠬᠥᠬᠡᠬᠤᠲᠠ ᠶᠢᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ | ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠲᠤ ᠲᠦᠰᠢᠭᠯᠡᠨ᠂ ᠭᠠᠷᠤᠯᠲᠠ ᠶᠢᠨ ᠣᠷᠣᠨ ᠤ ᠬᠦᠢᠲᠡᠨ ᠬᠡᠯᠬᠢᠶᠡᠨ ᠤ | ᠲᠥᠪᠯᠡᠷᠡᠭᠦᠯᠦᠨ ᠲᠣᠬᠢᠷᠠᠭᠤᠯᠬᠤ ᠲᠥᠪ ᠢ ᠪᠦᠲᠦᠭᠡᠨ ᠪᠠᠶᠢᠭᠤᠯᠵᠤ᠂ ᠭᠠᠷᠤᠯᠲᠠ ᠶᠢᠨ ᠣᠷᠣᠨ ᠤ ᠣᠯᠠᠨ ᠨᠡᠶᠢᠲᠡ ᠶᠢᠨ | ᠬᠦᠢᠲᠡᠨ ᠬᠥᠮᠥᠷᠭᠡ ᠶᠢᠨ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠤᠨ᠂ ᠭᠠᠷᠤᠯᠲᠠ ᠶᠢᠨ ᠣᠷᠣᠨ ᠳᠤ | ᠤᠷᠢᠳᠴᠢᠯᠠᠨ ᠬᠥᠯᠳᠡᠭᠡᠬᠦ᠂ ᠬᠥᠮᠥᠷᠭᠡᠯᠡᠨ ᠰᠣᠷᠭᠤᠭ ᠬᠠᠳᠠᠭᠠᠯᠠᠬᠤ᠂ ᠱᠠᠲᠤ ᠬᠤᠪᠢᠶᠠᠨ ᠢᠯᠭᠠᠬᠤ᠂ ᠠᠩᠬ᠎ᠠ | ᠡᠳ᠋ᠰᠢᠭᠦᠯᠬᠦ᠂ ᠭᠠᠷᠤᠯᠲᠠ ᠶᠢᠨ ᠣᠷᠣᠨ ᠠᠴᠠ ᠰᠢᠭᠤᠳ ᠪᠣᠷᠣᠯᠠᠭᠤᠯᠬᠤ ᠵᠡᠷᠭᠡ ᠴᠢᠳᠠᠪᠤᠷᠢ ᠶᠢ ᠴᠢᠩᠭᠠᠷᠠᠭᠤᠯᠵᠤ᠂ | ᠬᠤᠷᠢᠶᠠᠯᠲᠠ ᠶᠢᠨ ᠳᠠᠷᠠᠭᠠᠬᠢ ᠬᠤᠬᠢᠷᠠᠯ ᠢ ᠪᠠᠭᠠᠰᠬᠠᠨ᠎ᠠ᠃ ᠮᠧᠶ ᠲᠦᠩ᠂ ᠳ᠋ᠦᠩ ᠸᠠ ᠶᠣᠣ᠂ ᠪᠦᠦ ᠴᠢᠤᠸᠠᠨ | ᠵᠤᠸᠠᠩ ᠵᠡᠷᠭᠡ ᠲᠣᠮᠣ ᠬᠡᠯᠪᠡᠷᠢ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠷᠠᠯᠵᠢᠶ᠎ᠠ | ᠬᠤᠳᠠᠯᠳᠤᠭᠠᠨ ᠤ ᠬᠦᠢᠲᠡᠨ ᠬᠡᠯᠬᠢᠶᠡᠨ ᠤ ᠲᠥᠪᠯᠡᠷᠡᠭᠦᠯᠦᠨ ᠲᠣᠬᠢᠷᠠᠭᠤᠯᠬᠤ ᠲᠥᠪ ᠪᠠᠶᠢᠭᠤᠯᠬᠤ ᠶᠢ ᠳᠡᠮᠵᠢᠵᠦ᠂ | ᠭᠦᠢᠯᠭᠡᠭᠡᠨ ᠳᠤ ᠡᠳ᠋ᠰᠢᠭᠦᠯᠬᠦ᠂ ᠣᠷᠣᠨ ᠪᠦᠰᠡ ᠪᠠᠷ ᠰᠠᠯᠭᠠᠬᠤ᠂ ᠬᠤᠲᠠ ᠲᠣᠭᠤᠷᠢᠭ ᠲᠤ ᠲᠣᠬᠢᠷᠠᠭᠤᠯᠤᠨ ᠬᠦᠷᠭᠡᠬᠦ | ᠦᠢᠯᠡᠳᠦᠯ ᠢ ᠪᠠᠳᠠᠷᠠᠭᠤᠯᠤᠨ᠂ ᠬᠤᠳᠠᠯᠳᠤᠭᠠᠨ ᠤ ᠬᠡᠲᠦ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ | ᠰᠢᠨ᠎ᠡ ᠰᠣᠷᠭᠤᠭ ᠢᠳᠡᠭᠡᠨ ᠤ ᠬᠡᠯᠬᠢᠶ᠎ᠡ ᠳᠡᠯᠭᠡᠭᠦᠷ᠂ ᠪᠠᠭᠤᠳᠠᠯ ᠤᠨ ᠢᠳᠡᠭᠡᠨ ᠤᠮᠳᠠᠭᠠᠨ᠂ ᠰᠤᠷᠭᠠᠭᠤᠯᠢ᠂ | ᠪᠠᠶᠢᠭᠤᠯᠭ᠎ᠠ ᠪᠦᠯᠬᠦᠮ ᠵᠡᠷᠭᠡ ᠳᠤ ᠬᠠᠨᠳᠤᠭᠤᠯᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠲᠥᠪᠯᠡᠷᠡᠭᠦᠯᠦᠨ ᠬᠤᠳᠠᠯᠳᠤᠨ ᠠᠪᠬᠤ᠂ ᠭᠦᠢᠯᠭᠡᠭᠡᠨ ᠳᠤ ᠡᠳ᠋ᠰᠢᠭᠦᠯᠬᠦ᠂ ᠣᠯᠠᠨ ᠵᠦᠢᠯ ᠤᠨ ᠳᠤᠯᠠᠭᠠᠨ ᠤ | ᠬᠡᠮᠵᠢᠶ᠎ᠡ ᠶᠢᠨ ᠪᠠᠷᠠᠭ᠎ᠠ ᠶᠢ ᠬᠠᠮᠲᠤ ᠬᠦᠷᠭᠡᠬᠦ ᠶᠢ ᠥᠷᠨᠢᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 3. ᠦᠢᠯᠡᠳᠪᠦᠷᠢᠯᠡᠯ ᠪᠣᠷᠤᠯᠠᠭᠤᠯᠭ᠎ᠠ ᠶᠢᠨ ᠬᠤᠶᠠᠷ ᠦᠵᠦᠭᠦᠷ ᠤᠨ ᠬᠦᠢᠲᠡᠨ ᠬᠡᠯᠬᠢᠶᠡᠨ ᠤ ᠪᠠᠷᠠᠭᠠᠨ ᠤ | ᠭᠦᠢᠯᠭᠡᠭᠡᠨ ᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠨ᠎ᠡ᠃ ᠭᠠᠷᠤᠯᠲᠠ ᠶᠢᠨ ᠣᠷᠣᠨ ᠤ ︽ᠬᠠᠮᠤᠭ ᠤᠨ | ᠠᠩᠬᠠᠨ ᠤ ᠨᠢᠭᠡ ᠺᠢᠯᠣᠮᠧᠲᠷ︾ ᠤᠨ ᠬᠦᠢᠲᠡᠨ ᠢᠶᠠᠷ ᠰᠣᠷᠭᠤᠭ ᠬᠠᠳᠠᠭᠠᠯᠠᠬᠤ ᠬᠡᠷᠡᠭᠴᠡᠭᠡ ᠶᠢᠨ ᠲᠣᠭᠤᠷᠢᠨ ᠳᠤ᠂ | ᠲᠦᠭᠦᠬᠡᠢ ᠰᠢᠨ᠎ᠡ ᠰᠣᠷᠭᠤᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠤᠣᠯᠳᠠᠯᠭ᠎ᠠ ᠲᠠᠢ | ᠣᠷᠣᠨ ᠪᠦᠰᠡ ᠳᠤ ᠣᠷᠣᠨ ᠬᠡᠰᠡᠭ ᠬᠤᠪᠢᠶᠠᠨ ᠭᠠᠷᠤᠯᠲᠠ ᠶᠢᠨ ᠣᠷᠣᠨ ᠤ ᠬᠥᠯᠳᠡᠭᠡᠵᠦ ᠰᠣᠷᠭᠤᠭ ᠬᠠᠳᠠᠭᠠᠯᠠᠬᠤ | ᠪᠡᠯᠡᠳᠬᠡᠮᠵᠢ ᠶᠢ ᠵᠦᠢ ᠵᠣᠬᠢᠰᠲᠠᠢ ᠲᠥᠪᠯᠡᠷᠡᠭᠦᠯᠦᠨ ᠪᠦᠲᠦᠭᠡᠨ ᠪᠠᠶᠢᠭᠤᠯᠵᠤ᠂ ᠬᠠᠮᠲᠤᠪᠠᠷ ᠡᠳ᠋ᠯᠡᠬᠦ ᠮᠠᠶ᠋ᠢᠭ ᠤᠨ ︽ | ᠲᠠᠷᠢᠶᠠᠨ ᠦᠵᠦᠭᠦᠷ ᠤᠨ ᠵᠢᠵᠢᠭ ᠥᠷᠲᠡᠭᠡ︾ ᠵᠡᠷᠭᠡ ᠨᠡᠭᠦᠳᠡᠯ ᠬᠦᠢᠲᠡᠨ ᠬᠥᠮᠥᠷᠭᠡ᠂ ᠬᠦᠢᠲᠡᠨ ᠬᠡᠯᠬᠢᠶᠡᠨ ᠤ | ᠪᠡᠯᠡᠳᠬᠡᠮᠵᠢ ᠲᠥᠬᠦᠭᠡᠷᠦᠮᠵᠢ ᠲᠦᠷᠢᠶᠡᠰᠦᠯᠡᠬᠦ ᠵᠡᠷᠭᠡ ᠲᠤᠰᠬᠠᠶᠢᠵᠢᠭᠰᠠᠨ᠂ ᠪᠥᠬᠦ ᠶᠠᠪᠤᠴᠠ ᠶᠢᠨ ᠬᠥᠮᠥᠷᠭᠡᠯᠡᠨ | ᠰᠣᠷᠭᠤᠭ ᠬᠠᠳᠠᠭᠠᠯᠠᠬᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢ ᠰᠦᠪᠡᠭᠴᠢᠯᠡᠨ | ᠬᠥᠭᠵᠢᠭᠦᠯᠵᠦ᠂ ᠭᠠᠷᠤᠯᠲᠠ ᠶᠢᠨ ᠣᠷᠣᠨ ᠤ ᠡᠬᠢ ᠳᠠᠬᠢ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ | ᠪᠡᠯᠡᠳᠬᠡᠮᠵᠢ ᠶᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠦᠷᠭᠡᠨ ᠬᠦᠷᠭᠡᠯᠲᠡ ᠶᠢᠨ | ᠠᠵᠤ ᠠᠬᠤᠶᠢᠯᠠᠯ ᠤᠨ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢᠨ | ᠪᠠᠶᠢᠭᠤᠯᠤᠯᠲᠠ ᠪᠠᠨ ᠴᠢᠩᠭᠠᠳᠬᠠᠬᠤ ᠶᠢ ᠠᠬᠢᠭᠤᠯᠵᠤ᠂ ᠬᠤᠲᠠ ᠶᠢᠨ ᠬᠦᠢᠲᠡᠨ ᠬᠡᠯᠬᠢᠶᠡᠨ ᠤ ᠴᠠᠭ ᠳᠠᠷᠤᠢ ᠳᠤᠨᠢ | ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠲᠦᠭᠦᠬᠡᠢ ᠰᠢᠨ᠎ᠡ ᠰᠣᠷᠭᠤᠭ | ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠬᠡᠷᠡᠭᠯᠡᠭᠡ ᠵᠡᠷᠭᠡ ᠶᠢᠨ | ᠠᠭᠤᠰᠤᠯᠴᠠᠨ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠬᠤᠲᠠ ᠶᠢᠨ ᠬᠦᠢᠲᠡᠨ ᠬᠡᠯᠬᠢᠶᠡᠨ ᠤ ᠪᠠᠷᠠᠭᠠᠨ ᠤ | ᠭᠦᠢᠯᠭᠡᠭᠡᠨ ᠤ ︽ᠡᠴᠦᠰ ᠤᠨ ᠨᠢᠭᠡ ᠺᠢᠯᠣᠮᠧᠲᠷ︾ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ᠂ ᠳᠥᠲᠡ | ᠳᠡᠯᠭᠡᠭᠦᠷ᠂ ᠡᠮ ᠤᠨ ᠳᠡᠯᠭᠡᠭᠦᠷ᠂ ᠲᠦᠭᠦᠬᠡᠢ ᠰᠢᠨ᠎ᠡ ᠰᠣᠷᠭᠤᠭ ᠢᠳᠡᠭᠡᠨ ᠤ ᠡᠯᠧᠺᠲᠷᠣᠨ ᠬᠤᠳᠠᠯᠳᠤᠭ᠎ᠠ᠂ ᠲᠦᠷᠭᠡᠨ | ᠬᠦᠷᠭᠡᠯᠲᠡ ᠶᠢᠨ ᠠᠵᠤ ᠠᠬᠤᠶᠢᠯᠠᠯ ᠵᠡᠷᠭᠡ ᠶᠢ ᠬᠥᠲᠥᠯᠥᠨ ᠵᠢᠯᠤᠭᠤᠳᠴᠤ ᠬᠤᠲᠠ ᠶᠢᠨ ᠲᠡᠭᠦᠰᠬᠡᠯ ᠦᠵᠦᠭᠦᠷ ᠤᠨ | ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠡᠭᠦᠰᠬᠡᠯ ᠦᠵᠦᠭᠦᠷ ᠤᠨ | ᠬᠦᠢᠲᠡᠨ ᠬᠡᠯᠬᠢᠶᠡᠨ ᠤ ᠲᠣᠬᠢᠷᠠᠭᠤᠯᠤᠨ ᠬᠦᠷᠭᠡᠬᠦ ᠬᠥᠭᠵᠢᠯᠲᠡ ᠶᠢ ᠠᠬᠢᠭᠤᠯᠤᠨ᠎ᠠ᠃ ︵ᠬᠤᠲᠠ ᠶᠢᠨ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ | ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ | ᠶᠣᠰᠣᠭᠠᠷ ᠬᠤᠪᠢᠶᠠᠨ ᠬᠠᠷᠢᠭᠤᠴᠠᠨ᠎ᠠ︶ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ | 1. ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠢ ᠵᠣᠬᠢᠴᠠᠭᠤᠯᠤᠨ ᠬᠠᠮᠢᠶᠠᠷᠬᠤ | ᠲᠣᠭᠲᠠᠴᠠ ᠶᠢ ᠪᠦᠷᠢᠨᠰᠢᠭᠦᠯᠦᠨ᠎ᠡ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠵᠠᠮ ᠬᠠᠷᠢᠯᠴᠠᠭ᠎ᠠ᠂ ᠬᠤᠳᠠᠯᠳᠤᠭᠠᠨ ᠤ | ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠵᠡᠷᠭᠡ ᠬᠠᠮᠢᠶ᠎ᠠ ᠪᠦᠬᠦᠢ ᠭᠤᠣᠯ ᠴᠣᠭᠴᠠ ᠵᠢᠴᠢ | ᠣᠷᠣᠨ ᠪᠦᠰᠡ ᠶᠢᠨ ᠭᠤᠣᠯᠯᠠᠬᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠲᠠᠢ ᠬᠠᠮᠲᠤᠷᠠᠨ ᠪᠠᠴᠢᠮ ᠪᠠᠶᠢᠳᠠᠯ ᠢ | ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠲᠥᠰᠥᠯ ᠢ ᠲᠣᠭᠲᠠᠭᠠᠵᠤ᠂ ᠪᠠᠴᠢᠮ ᠪᠠᠶᠢᠳᠠᠯ ᠢ | ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ | ᠃ ᠪᠠᠶᠢᠭᠠᠯᠢ ᠶᠢᠨ ᠭᠠᠮᠰᠢᠭ᠂ ᠠᠳᠡᠯ ᠤᠨ ᠭᠠᠢ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ | ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠠᠳᠠᠯᠢ ᠪᠤᠰᠤ ᠲᠥᠷᠥᠯ ᠤᠨ ᠭᠡᠨᠡᠳᠲᠡ ᠶᠢᠨ ᠣᠯᠠᠨ ᠨᠡᠶᠢᠲᠡ ᠶᠢᠨ | ᠬᠡᠷᠡᠭ ᠲᠤ ᠬᠠᠨᠳᠤᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠪᠡᠯᠡᠳᠬᠡᠯ ᠲᠥᠰᠥᠯ ᠢ | ᠲᠠᠰ ᠬᠤᠪᠢᠶᠠᠵᠤ ᠱᠠᠲᠤ ᠬᠤᠪᠢᠶᠠᠵᠤ ᠪᠠᠶᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠵᠠᠮ | ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠵᠢᠯᠴᠠᠨ᠎ᠠ︶ | 2. ᠡᠩ ᠤᠨ ᠦᠶ᠎ᠡ ᠪᠠᠴᠢᠮ ᠪᠠᠶᠢᠳᠠᠯ ᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠡᠳ᠋ | ᠪᠠᠷᠠᠭ᠎ᠠ ᠶᠢᠨ ᠨᠥᠭᠡᠴᠡᠯᠡᠯᠲᠡ ᠶᠢ ᠲᠦᠯᠬᠢᠨ ᠠᠬᠢᠭᠤᠯᠤᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠨᠡᠶᠢᠭᠡᠮ ᠤᠨ ᠪᠠᠴᠢᠮ | ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ | ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠵᠦ᠂ ᠬᠤᠳᠠᠯᠳᠤᠭᠠᠨ ᠤ | ᠶᠠᠪᠤᠳᠠᠯ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠤᠲᠠ ᠶᠢᠨ ᠠᠮᠤ ᠲᠣᠰᠣ ᠬᠤᠳᠠᠯᠳᠤᠨ | ᠠᠪᠴᠤ ᠨᠥᠭᠡᠴᠡᠯᠡᠬᠦ ᠺᠣᠮᠫᠠᠨᠢ ᠵᠡᠷᠭᠡ ᠬᠠᠮᠢᠶ᠎ᠠ ᠪᠦᠬᠦᠢ ᠡᠳ᠋ ᠪᠣᠳᠠᠰ ᠨᠥᠭᠡᠴᠡᠯᠡᠬᠦ ᠰᠠᠯᠠᠭ᠎ᠠ ᠮᠥᠴᠢᠷ ᠲᠠᠢ ᠬᠠᠮᠲᠤᠷᠠᠨ | ᠡᠩ ᠤᠨ ᠦᠶ᠎ᠡ ᠪᠠ ᠪᠠᠴᠢᠮ ᠪᠠᠶᠢᠳᠠᠯ ᠢ ᠤᠶᠠᠯᠳᠤᠭᠤᠯᠤᠭᠰᠠᠨ ᠡᠳ᠋ ᠪᠣᠳᠠᠰ ᠨᠥᠭᠡᠴᠡᠯᠡᠬᠦ ᠰᠢᠰᠲ᠋ᠧᠮᠵᠢ ᠶᠢ | ᠪᠠᠶᠢᠭᠤᠯᠤᠨ᠎ᠠ᠃ ᠨᠥᠭᠡᠴᠡᠯᠡᠬᠦ ᠡᠳ᠋ ᠪᠠᠷᠠᠭ᠎ᠠ᠂ ᠦᠢᠯᠡᠳᠪᠦᠷᠢᠯᠡᠯ ᠤᠨ ᠡᠳ᠋ ᠪᠠᠷᠠᠭ᠎ᠠ᠂ ᠬᠠᠨᠳᠢᠪᠯᠠᠭᠰᠠᠨ ᠡᠳ᠋ | ᠪᠠᠷᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠨᠥᠭᠡᠴᠡᠯᠡᠵᠦ ᠲᠣᠬᠢᠷᠠᠭᠤᠯᠬᠤ ᠴᠢᠳᠠᠪᠤᠷᠢ ᠶᠢ ᠴᠢᠩᠭᠠᠳᠬᠠᠵᠤ᠂ | ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ | ᠡᠳ᠋ ᠪᠠᠷᠠᠭᠠᠨ ᠤ ᠬᠥᠮᠥᠷᠭᠡ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠨᠥᠭᠡᠴᠡᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠴᠢᠳᠠᠮᠵᠢ ᠶᠢ ᠥᠷᠭᠡᠳᠬᠡᠵᠦ᠂ | ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠢ ᠠᠷᠭᠠᠴᠠᠭᠠᠬᠤ ᠳᠤ ᠬᠦᠴᠦᠲᠡᠢ ᠪᠠᠷᠠᠭᠠᠨ ᠤ ᠭᠦᠢᠯᠭᠡᠭᠡᠨ ᠤ | ᠪᠠᠲᠤᠯᠠᠭ᠎ᠠ ᠶᠢ ᠬᠠᠩᠭᠠᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠬᠠᠮᠵᠢᠯᠴᠠᠨ᠎ᠠ︶ | 3. ᠪᠠᠴᠢᠮ ᠪᠠᠶᠢᠳᠠᠯ ᠢ ᠠᠷᠭᠠᠴᠠᠬᠤ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠵᠦ ᠰᠠᠯᠭᠠᠵᠤ ᠲᠣᠬᠢᠷᠠᠭᠤᠯᠤᠨ | ᠬᠦᠷᠭᠡᠬᠦ ᠴᠢᠳᠠᠪᠤᠷᠢ ᠶᠢ ᠴᠢᠩᠭᠠᠳᠬᠠᠨ᠎ᠠ᠃ ︽ᠭᠤᠣᠯ ᠱᠤᠭᠤᠮ ᠢ ᠵᠣᠯᠭᠠᠭᠤᠯᠬᠤ + ᠬᠦᠢᠰᠦ ᠪᠠᠷ ᠳᠠᠮᠵᠢᠬᠤ + | ᠬᠡᠪᠴᠢᠶᠡᠵᠢᠯ ᠲᠠᠢ ᠬᠠᠮᠲᠤ ᠪᠠᠷ ᠲᠣᠬᠢᠷᠠᠭᠤᠯᠬᠤ︾ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ | ᠵᠠᠭᠪᠤᠷ ᠢ ᠪᠠᠶᠢᠭᠤᠯᠵᠤ᠂ ᠪᠥᠬᠦ ᠬᠤᠲᠠ ᠶᠢᠨ ᠡᠯ᠎ᠡ ᠭᠤᠣᠯ ᠪᠣᠯᠬᠤ ᠪᠠᠷᠠᠭᠠᠨ ᠤ ᠭᠦᠢᠯᠭᠡᠭᠡᠨ ᠤ ᠬᠦᠢᠰᠦ ᠶᠢᠨ | ᠵᠠᠩᠭᠢᠯᠠᠭ᠎ᠠ ᠶᠢᠨ ᠴᠡᠭ ᠲᠤ ᠲᠦᠰᠢᠭᠯᠡᠨ᠂ ᠬᠦᠢᠰᠦ ᠶᠢᠨ ᠭᠤᠣᠯ ᠱᠤᠭᠤᠮ ᠢ ᠵᠣᠯᠭᠠᠭᠤᠯᠬᠤ ᠪᠠ ᠳᠠᠮᠵᠢᠭᠤᠯᠵᠤ | ᠲᠥᠪᠯᠡᠷᠡᠭᠦᠯᠵᠦ ᠲᠠᠷᠬᠠᠭᠠᠬᠤ ᠴᠢᠳᠠᠪᠤᠷᠢ ᠶᠢ ᠴᠢᠩᠭᠠᠳᠬᠠᠵᠤ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠᠷ | ᠭᠤᠣᠯᠯᠠᠭᠴᠢ ᠬᠦᠴᠦᠨ ᠪᠣᠯᠭᠠᠭᠰᠠᠨ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠪᠠᠷᠠᠭᠠᠨ ᠤ | ᠭᠦᠢᠯᠭᠡᠭᠡᠨ ᠤ ᠲᠥᠪ ᠪᠠ ᠲᠣᠬᠢᠷᠠᠭᠤᠯᠤᠨ ᠬᠦᠷᠭᠡᠬᠦ ᠲᠥᠪ ᠢᠶᠠᠷ ᠨᠥᠬᠦᠪᠦᠷᠢ ᠪᠣᠯᠭᠠᠭᠰᠠᠨ ᠪᠠᠴᠢᠮ ᠪᠠᠶᠢᠳᠠᠯ ᠢ | ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠦᠷᠢᠯᠳᠦᠭᠦᠯᠦᠨ᠎ᠡ᠃ ᠠᠳᠠᠯᠢ ᠪᠤᠰᠤ ᠲᠥᠷᠥᠯ ᠤᠨ | ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠲᠤ ᠴᠢᠭᠯᠡᠭᠦᠯᠦᠨ᠂ ᠬᠤᠲᠠ ᠶᠢᠨ ᠲᠣᠬᠢᠷᠠᠭᠤᠯᠤᠨ ᠬᠦᠷᠭᠡᠬᠦ᠂ ᠲᠦᠷᠭᠡᠨ | ᠬᠦᠷᠭᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠲᠥᠷᠥᠯ ᠬᠤᠪᠢᠶᠠᠨ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠢᠨᠠᠨ ᠬᠠᠮᠢᠶᠠᠷᠴᠤ ᠵᠣᠬᠢᠴᠠᠭᠤᠯᠬᠤ ᠠᠷᠭ᠎ᠠ ᠮᠠᠶ᠋ᠢᠭ ᠲᠤ | ᠲᠣᠬᠢᠷᠠᠭᠤᠯᠤᠯᠲᠠ ᠬᠢᠵᠦ᠂ ᠲᠤᠰᠬᠠᠢ ᠮᠡᠷᠭᠡᠵᠢᠯ ᠤᠨ ᠴᠢᠨᠠᠷᠲᠠᠢ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ | ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠣᠷᠣᠯᠴᠠᠬᠤ ᠭᠦᠨᠴᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ | ᠨᠡᠶᠢᠭᠡᠮ ᠲᠣᠭᠤᠷᠢᠭ᠂ ᠬᠤᠷᠢᠶᠠᠯᠠᠯ᠂ ᠠᠵᠤ ᠠᠬᠤᠶᠢᠯᠠᠯ ᠤᠨ ᠨᠢᠭᠡᠴᠢ ᠵᠡᠷᠭᠡ ᠶᠢᠨ ᠲᠣᠬᠢᠷᠠᠭᠤᠯᠤᠨ ᠬᠦᠷᠭᠡᠬᠦ | ᠦᠢᠯᠡᠳᠦᠯ ᠢ ᠪᠠᠳᠠᠷᠠᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ᠵᠢᠷᠭᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠢᠯᠭᠡᠭᠡᠨ ᠤ ᠳᠠᠭᠠᠭᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ | ︵ᠨᠢᠭᠡ︶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠣᠣᠷ ᠢ | ᠲᠡᠭᠦᠯᠳᠡᠷᠵᠢᠭᠦᠯᠦᠨ᠎ᠡ | 1. ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ S43 ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 | ᠬᠥᠬᠡᠬᠤᠲᠠ ᠠᠴᠠ ᠯᠢᠶᠠᠩᠴᠧᠩ ᠬᠦᠷᠬᠦ ᠲᠦᠷᠭᠡᠨ ᠤ ᠵᠠᠮ᠂ S311 ᠦᠴᠦᠸᠠᠨ ᠠᠴᠠ ᠶᠠᠩ ᠱᠤ᠋ ᠪᠠ ᠬᠦᠷᠬᠦ ᠵᠠᠮ | ᠵᠡᠷᠭᠡ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ | ᠲᠣᠭᠤᠷᠢᠭ ᠬᠢᠭᠡᠳ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠬᠢᠭᠡᠳ ᠡᠷᠬᠢᠨ ᠲᠣᠭᠤᠷᠢᠨ ᠤ ᠬᠤᠲᠠ ᠶᠢᠨ | ᠬᠤᠭᠤᠷᠣᠨᠳᠤ ᠲᠦᠷᠭᠡᠨ ᠨᠡᠪᠲᠡᠷᠡᠬᠦ ᠶᠢ ᠪᠡᠶᠡᠯᠡᠭᠦᠯᠵᠦ᠂ ︽ᠨᠢᠭᠡ ᠴᠠᠭᠠᠷᠢᠭ᠂ ᠲᠠᠪᠤᠨ ᠭᠤᠯᠳᠤ᠂ ᠲᠠᠪᠤᠨ ᠬᠥᠨᠳᠡᠯᠡᠨ᠂ | ᠲᠤᠯᠤᠭᠠᠨ ᠰᠠᠴᠤᠷᠠᠭ︾ ᠵᠠᠰᠠᠮᠠᠯ ᠵᠠᠮ ᠤᠨ ᠲᠣᠣᠷ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ | ᠃ ᠬᠥᠬᠡᠬᠤᠲᠠ ᠠᠴᠠ ᠪᠤᠭᠤᠲᠤ ᠬᠦᠷᠬᠦ ᠲᠦᠷᠭᠡᠨ ᠤ ᠲᠡᠮᠦᠷ ᠵᠠᠮ᠂ ᠬᠥᠬᠡᠬᠤᠲᠠ ᠠᠴᠠ ᠪᠤᠭᠤᠲᠤ ᠬᠦᠷᠬᠦ | ᠲᠦᠷᠭᠡᠨ ᠤ ᠲᠡᠮᠦᠷ ᠵᠠᠮ ᠤᠨ ᠰᠤᠨᠤᠭᠰᠠᠨ ᠱᠤᠭᠤᠮ ︵ᠰᠢᠨ᠎ᠡ ᠨᠢᠰᠬᠡᠯ ᠤᠨ ᠪᠠᠭᠤᠳᠠᠯ ᠤᠨ ᠬᠡᠰᠡᠭ︶᠂ ᠬᠥᠬᠡᠬᠤᠲᠠ | ᠣᠷᠳᠣᠰ ᠬᠤᠲᠠ ᠶᠢᠨ ᠬᠤᠭᠤᠷᠣᠨᠳᠣᠬᠢ ᠲᠡᠮᠦᠷ ᠵᠠᠮ ᠢ ᠲᠥᠯᠥᠪᠵᠢᠭᠦᠯᠭᠡ ᠳᠤ ᠣᠷᠣᠭᠤᠯᠬᠤ ᠠᠵᠢᠯ ᠢ ᠦᠷᠭᠦᠯᠵᠢᠯᠡᠨ | ᠠᠬᠢᠭᠤᠯᠵᠤ᠂ ᠬᠥᠬᠡᠬᠤᠲᠠ ᠠᠴᠠ ᠱᠦᠸᠧᠵᠦ ᠲᠠᠶᠢᠶᠦᠸᠠᠨ ᠬᠦᠷᠬᠦ ᠲᠦᠷᠭᠡᠨ ᠤ ᠲᠡᠮᠦᠷ ᠵᠠᠮ ᠢ ᠲᠥᠯᠥᠪᠵᠢᠭᠦᠯᠵᠦ | ᠰᠤᠳᠤᠯᠬᠤ ᠠᠵᠢᠯ ᠢ ᠠᠬᠢᠭᠤᠯᠵᠤ᠂ ᠵᠢᠨᠴᠢᠶᠣᠣ ᠴᠠᠬᠢᠯᠭᠠᠨ ᠤ ᠦᠢᠯᠡᠳᠪᠦᠷᠢ ᠶᠢᠨ ᠲᠡᠮᠦᠷ ᠵᠠᠮ ᠤᠨ ᠲᠤᠰᠬᠠᠢ | ᠱᠤᠭᠤᠮ᠂ ᠵᠢᠶᠠ ᠾᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ | ᠱᠤᠭᠤᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠨ᠎ᠡ ᠨᠢᠰᠬᠡᠯ ᠤᠨ ᠪᠠᠭᠤᠳᠠᠯ 2025 ᠣᠨ ᠳᠤ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ | ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠰᠠᠭᠤᠷᠢ | ᠪᠡᠯᠡᠳᠬᠡᠮᠵᠢ ᠶᠢᠨ ᠳᠤᠲᠠᠭᠤᠳᠠᠯ ᠢ ᠠᠯᠢ ᠲᠦᠷᠭᠡᠨ ᠢᠶᠠᠷ ᠨᠥᠬᠦᠪᠦᠷᠢᠯᠡᠵᠦ᠂ ᠬᠤᠲᠠ ᠬᠥᠳᠡᠭᠡ ᠶᠢᠨ ᠵᠠᠮ | ᠬᠠᠷᠢᠯᠴᠠᠭᠠᠨ ᠤ ᠨᠢᠭᠡ ᠴᠣᠭᠴᠠᠵᠢᠯᠲᠠ ᠶᠢ ᠦᠷᠭᠦᠯᠵᠢᠯᠡᠨ ᠠᠬᠢᠭᠤᠯᠤᠨ᠎ᠠ᠃ ︵ᠬᠤᠲᠠ ᠶᠢᠨ ᠵᠠᠮ ᠬᠠᠷᠢᠯᠴᠠᠭᠠᠨ ᠤ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠲᠤᠰᠢᠶᠠᠯ | ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 2. ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠵᠢᠴᠢ ᠲᠥᠪᠯᠡᠷᠡᠭᠦᠯᠵᠦ ᠰᠠᠯᠭᠠᠵᠤ | ᠲᠡᠭᠡᠭᠡᠪᠦᠷᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠦᠢᠰᠦ ᠶᠢᠨ ᠲᠥᠪᠯᠡᠷᠡᠭᠦᠯᠵᠦ | ᠰᠠᠯᠭᠠᠵᠤ ᠲᠡᠭᠡᠭᠡᠪᠦᠷᠢᠯᠡᠬᠦ ᠰᠢᠰᠲ᠋ᠧᠮᠵᠢ ᠶᠢᠨ ᠴᠢᠨᠠᠷ ᠢ ᠳᠡᠭᠡᠭᠰᠢᠯᠡᠭᠦᠯᠦᠨ ᠪᠦᠲᠦᠭᠡᠨ ᠪᠠᠶᠢᠭᠤᠯᠬᠤ ᠢᠨᠵᠧᠨᠧᠷᠢᠩ ᠢ | ᠡᠬᠢᠯᠡᠭᠦᠯᠵᠦ᠂ S27 ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ ᠤᠨ ᠡᠮᠦᠨᠡᠬᠢ ᠬᠤᠭᠤᠴᠠᠭᠠᠨ ᠤ | ᠠᠵᠢᠯ ᠢ ᠲᠦᠷᠭᠡᠳᠬᠡᠨ ᠠᠬᠢᠭᠤᠯᠤᠨ᠎ᠠ᠃ ᠤᠯᠠᠨ ᠤᠯᠤᠰ ᠤᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠬᠦ | ᠴᠢᠳᠠᠪᠤᠷᠢ ᠶᠢ ᠳᠡᠭᠡᠭᠰᠢᠯᠡᠭᠦᠯᠵᠦ᠂ ᠴᠢᠩᠭᠡᠯᠢᠭ᠂ ᠬᠦᠢᠲᠡᠨ ᠬᠡᠯᠬᠢᠶ᠎ᠡ᠂ ᠶᠡᠭᠡ ᠬᠡᠮᠵᠢᠶᠡᠨ ᠤ ᠡᠨᠧᠷᠭᠢ ᠶᠢᠨ ᠰᠤᠷᠪᠤᠯᠵᠢ᠂ | ᠮᠠᠰᠢᠨ ᠲᠣᠨᠣᠭᠯᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠪᠠᠷ ᠣᠨᠴᠠᠯᠢᠭ ᠪᠣᠯᠭᠠᠭᠰᠠᠨ ᠰᠣᠳᠣᠨ | ᠵᠠᠮ ᠱᠤᠭᠤᠮ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠦᠨ᠎ᠡ᠃ ᠬᠥᠬᠡᠬᠤᠲᠠ ᠠᠴᠠ ᠤᠯᠤᠰ ᠤᠨ ᠳᠣᠲᠣᠭᠠᠳᠤ ᠶᠢᠨ | ᠭᠤᠣᠯ ᠪᠣᠯᠬᠤ ᠠᠭᠠᠷ ᠤᠨ ᠠᠶᠠᠯᠠᠯ ᠤᠨ ᠲᠦᠷᠭᠡᠨ ᠬᠦᠷᠭᠡᠯᠲᠡ ᠶᠢᠨ ᠬᠦᠢᠰᠦ ᠬᠦᠷᠬᠦ ᠠᠭᠠᠷ ᠤᠨ ᠠᠶᠠᠯᠠᠯ ᠤᠨ | ᠪᠠᠷᠠᠭᠠᠨ ᠤ ᠲᠡᠭᠡᠭᠡᠪᠦᠷᠢ ᠶᠢᠨ ᠲᠦᠷᠭᠡᠨ ᠱᠤᠭᠤᠮ ᠢ ᠲᠦᠷᠭᠡᠨ ᠪᠠᠶᠢᠭᠤᠯᠵᠤ᠂ ᠣᠯᠠᠨ ᠤᠯᠤᠰ ᠤᠨ ᠠᠭᠠᠷ ᠤᠨ | ᠠᠶᠠᠯᠠᠯ ᠤᠨ ᠱᠤᠭᠤᠮ ᠤᠨ ᠲᠣᠣᠷ ᠢ ᠨᠢᠭᠲᠠ ᠰᠦᠯᠵᠢᠵᠦ᠂ ᠮᠣᠩᠭᠤᠯ ᠣᠷᠣᠰ ᠯᠤᠭ᠎ᠠ ᠶᠢᠨ ᠠᠭᠠᠷ ᠤᠨ ᠠᠶᠠᠯᠠᠯ ᠤᠨ | ᠱᠤᠭᠤᠮ ᠤᠨ ᠦᠷ᠎ᠡ ᠪᠦᠲᠦᠮᠵᠢ ᠶᠢ ᠴᠢᠩᠭᠠᠳᠬᠠᠨ᠎ᠠ᠃ ᠲᠢᠶᠠᠨᠵᠢᠨ ᠭᠠᠷᠠᠮ᠂ ᠼᠤᠤ ᠹᠧᠢ ᠳ᠋ᠢᠶᠠᠨ ᠭᠠᠷᠠᠮ ᠵᠡᠷᠭᠡ | ᠲᠠᠯᠠᠢ ᠳᠠᠭᠠᠤ ᠶᠢᠨ ᠲᠣᠮᠣ ᠭᠠᠷᠠᠮ ᠯᠤᠭ᠎ᠠ ᠶᠢᠨ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠭᠤᠣᠯᠳᠠᠯᠭ᠎ᠠ ᠲᠠᠢ ᠭᠠᠷᠠᠮ ᠯᠤᠭ᠎ᠠ ᠶᠢᠨ ᠲᠠᠯᠠᠢ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠵᠢᠰᠢᠶᠠᠨ ᠤ ᠭᠠᠯᠲᠤ | ᠲᠡᠷᠭᠡ ᠶᠢ ᠪᠠᠶᠢᠩᠭᠤ ᠶᠢᠨ ᠴᠢᠨᠠᠷ ᠲᠠᠢ ᠨᠡᠪᠲᠡᠷᠡᠭᠦᠯᠦᠨ᠎ᠡ᠃ ︵ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠷᠢᠨᠭᠡᠷ ᠰᠢᠨ᠎ᠡ | ᠲᠣᠭᠤᠷᠢᠭ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 3. ᠡᠩ ᠤᠨ ᠦᠶ᠎ᠡ ᠪᠠ ᠪᠠᠴᠢᠮ ᠪᠠᠶᠢᠳᠠᠯ ᠤᠨ ᠬᠤᠶᠠᠷ ᠬᠡᠷᠡᠭᠴᠡᠭᠡᠲᠦ ᠵᠠᠮ ᠬᠠᠷᠢᠯᠴᠠᠭᠠᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠡᠩ ᠤᠨ ᠦᠶ᠎ᠡ ᠪᠠ ᠪᠠᠴᠢᠮ ᠪᠠᠶᠢᠳᠠᠯ ᠤᠨ | ᠬᠤᠶᠠᠷ ᠬᠡᠷᠡᠭᠴᠡᠭᠡᠲᠦ︾ ᠵᠠᠰᠠᠮᠠᠯ ᠵᠠᠮ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠡᠪ ᠤᠨ ᠪᠠᠶᠢᠳᠠᠯ ᠢᠶᠠᠷ ᠬᠠᠮᠢᠶᠠᠷᠤᠨ ᠠᠷᠠᠴᠢᠯᠠᠵᠤ᠂ ᠵᠠᠮ ᠤᠨ ᠰᠠᠭᠠᠳ ᠦᠭᠡᠢ | ᠨᠡᠪᠲᠡᠷᠡᠬᠦ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ | ᠨᠥᠭᠡᠴᠡᠯᠡᠬᠦ ᠲᠥᠪ᠂ ᠬᠤᠷᠢᠨᠭᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠨᠥᠭᠡᠴᠡᠯᠡᠬᠦ | ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠶᠡᠷᠦᠩᠬᠡᠶᠢᠯᠡᠭᠰᠡᠨ ᠪᠠᠷᠠᠭᠠᠨ ᠤ | ᠲᠡᠭᠡᠭᠡᠪᠦᠷᠢ ᠶᠢᠨ ᠬᠦᠢᠰᠦ ᠶᠢᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠳᠤ ᠲᠦᠰᠢᠭᠯᠡᠨ | ᠬᠤᠲᠠ ᠶᠢᠨ ᠲᠡᠭᠦᠷᠭᠡ ᠶᠢᠨ ᠲᠣᠮᠣ ᠬᠡᠯᠪᠡᠷᠢ ᠶᠢᠨ ᠬᠥᠮᠥᠷᠭᠡᠯᠡᠨ ᠬᠠᠳᠠᠭᠠᠯᠠᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠡᠯᠡᠳᠬᠡᠮᠵᠢ᠂ ᠡᠳ᠋ ᠪᠣᠳᠠᠰ ᠪᠠ ᠠᠵᠢᠯᠲᠠᠨ ᠤ ᠳᠤᠲᠠᠭᠤᠳᠠᠯ ᠢ ᠨᠥᠬᠦᠪᠦᠷᠢᠯᠡᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠳᠠᠮᠵᠢᠭᠤᠯᠬᠤ ᠥᠷᠲᠡᠭᠡ ᠶᠢᠨ ᠪᠦᠲᠦᠭᠡᠨ | ᠪᠠᠶᠢᠭᠤᠯᠤᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠲᠦᠷᠭᠡᠨ ᠤ ᠵᠠᠮ ᠤᠨ ᠦᠢᠯᠡᠴᠢᠯᠡᠭᠡᠨ ᠤ | ᠲᠣᠭᠤᠷᠢᠭ ᠢ ᠬᠥᠲᠥᠯᠥᠨ ᠵᠢᠯᠤᠭᠤᠳᠴᠤ ᠡᠷᠬᠢᠨ ᠲᠣᠭᠤᠷᠢᠨ ᠤ ᠵᠢᠭᠤᠯᠴᠢᠯᠠᠨ ᠰᠠᠭᠤᠵᠤ ᠲᠥᠪᠯᠡᠷᠡᠭᠦᠯᠦᠨ | ᠲᠠᠷᠬᠠᠭᠠᠬᠤ ᠰᠠᠭᠤᠷᠢᠨ ᠭᠠᠵᠠᠷ ᠤᠨ ︽ᠡᠩ ᠤᠨ ᠦᠶ᠎ᠡ ᠪᠠ ᠪᠠᠴᠢᠮ ᠪᠠᠶᠢᠳᠠᠯ ᠤᠨ ᠬᠤᠶᠠᠷ ᠬᠡᠷᠡᠭᠴᠡᠭᠡᠲᠦ︾ | ᠴᠢᠳᠠᠪᠤᠷᠢ ᠶᠢ ᠨᠠᠩ ᠰᠠᠶᠢᠲᠤᠷ ᠲᠤᠯᠭᠠᠭᠤᠷᠢᠯᠠᠨ᠎ᠠ᠃ ︽ᠡᠩ ᠤᠨ ᠦᠶ᠎ᠡ ᠪᠠ ᠪᠠᠴᠢᠮ ᠪᠠᠶᠢᠳᠠᠯ ᠤᠨ ᠬᠤᠶᠠᠷ | ᠬᠡᠷᠡᠭᠴᠡᠭᠡᠲᠦ︾ ᠴᠢᠳᠠᠮᠵᠢ ᠲᠠᠢ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠤᠷᠢᠳᠠᠪᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ︵ᠬᠤᠲᠠ ᠶᠢᠨ ᠵᠠᠮ | ᠬᠠᠷᠢᠯᠴᠠᠭᠠᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠬᠤᠶᠠᠷ︶ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠣᠶᠤᠨᠴᠢᠯᠠᠭᠰᠠᠨ ᠬᠥᠭᠵᠢᠯᠲᠡ ᠶᠢ | ᠠᠬᠢᠭᠤᠯᠤᠨ᠎ᠠ | 1. ᠲᠡᠭᠡᠭᠡᠪᠦᠷᠢ ᠶᠢᠨ ᠪᠦᠲᠦᠴᠡ ᠶᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠲᠡᠮᠦᠷ | ᠵᠠᠮ ᠤᠨ ᠲᠡᠭᠡᠭᠡᠪᠦᠷᠢ ᠶᠢᠨ ᠬᠠᠷᠢᠴᠠᠯ ᠢ ᠲᠦᠷᠭᠡᠨ ᠳᠡᠭᠡᠭᠰᠢᠯᠡᠭᠦᠯᠵᠦ᠂ ᠶᠡᠭᠡ ᠬᠡᠮᠵᠢᠶᠡᠨ ᠤ ᠡᠳ᠋ ᠪᠠᠷᠠᠭ᠎ᠠ ᠵᠢᠴᠢ | ᠴᠢᠩᠭᠡᠯᠢᠭ ᠤᠨ ᠳᠤᠮᠳᠠ ᠬᠤᠯᠠ ᠵᠠᠮ ᠤᠨ ᠲᠡᠭᠡᠭᠡᠪᠦᠷᠢ ᠶᠢ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾ ᠢ | ᠠᠬᠢᠭᠤᠯᠤᠨ᠂ ᠶᠡᠭᠡ ᠬᠡᠮᠵᠢᠶᠡᠨ ᠤ ᠡᠳ᠋ ᠪᠠᠷᠠᠭ᠎ᠠ ᠶᠢᠨ ︽ᠲᠠᠷᠠᠬᠠᠢ ᠠᠴᠠ ᠲᠥᠪᠯᠡᠷᠡᠭᠰᠡᠨ︾ ᠬᠡᠪᠴᠢᠶ᠎ᠡ ᠶᠢ | ᠥᠷᠭᠡᠳᠬᠡᠨ᠎ᠡ᠃ ᠣᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ᠵᠠᠩᠭᠢᠯᠠᠭ᠎ᠠ ᠶᠢᠨ ᠴᠡᠭ ᠤᠨ | ᠪᠠᠶᠢᠷᠢᠰᠢᠭᠤᠯᠤᠯᠲᠠ ᠶᠢ ᠲᠦᠷᠭᠡᠬᠡᠨ ᠲᠡᠭᠦᠯᠳᠡᠷᠵᠢᠭᠦᠯᠵᠦ᠂ ᠨᠢᠭᠡᠨᠲᠡ ᠪᠠᠶᠢᠭ᠎ᠠ ᠣᠷᠣᠨ ᠪᠦᠰᠡ ᠶᠢᠨ ᠪᠠᠷᠠᠭᠠᠨ ᠤ | ᠲᠡᠭᠡᠭᠡᠪᠦᠷᠢ ᠶᠢᠨ ᠪᠡᠯᠡᠳᠬᠡᠮᠵᠢ ᠶᠢᠨ ᠡᠬᠢ ᠪᠠᠶᠠᠯᠢᠭ ᠢ ᠨᠡᠶᠢᠳᠬᠡᠵᠦ᠂ ᠨᠢᠭᠡ ᠪᠦᠯᠦᠭ ᠪᠡᠯᠡᠳᠬᠡᠮᠵᠢ ᠲᠣᠨᠤᠭ | ᠲᠥᠬᠦᠭᠡᠷᠦᠮᠵᠢ ᠪᠠᠷ ᠲᠡᠷᠢᠭᠦᠨ ᠤ᠂ ᠦᠢᠯᠡᠴᠢᠯᠡᠭᠡᠨ ᠤ ᠴᠢᠳᠠᠮᠵᠢ ᠪᠠᠷ ᠪᠦᠷᠢᠨ ᠲᠡᠭᠦᠯᠳᠡᠷ ᠣᠯᠠᠨ ᠬᠡᠯᠪᠡᠷᠢ ᠶᠢᠨ | ᠬᠤᠯᠪᠤᠭᠠᠯᠠᠨ ᠲᠡᠭᠡᠭᠡᠪᠦᠷᠢᠯᠡᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠥᠭᠡᠷᠡᠴᠢᠯᠡᠬᠦ ᠪᠠ ᠰᠢᠨ᠎ᠡ ᠪᠠᠷ | ᠪᠠᠶᠢᠭᠤᠯᠵᠤ᠂ ᠲᠥᠪᠯᠡᠷᠡᠭᠦᠯᠵᠦ ᠰᠠᠯᠭᠠᠵᠤ ᠲᠡᠭᠡᠭᠡᠪᠦᠷᠢᠯᠡᠬᠦ ᠰᠢᠰᠲ᠋ᠧᠮ ᠤᠨ ᠪᠠᠶᠢᠷᠢᠰᠢᠭᠤᠯᠤᠯᠲᠠ ᠶᠢ | ᠲᠡᠭᠦᠯᠳᠡᠷᠵᠢᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠮᠠᠯ | ᠵᠠᠮ ᠲᠡᠮᠦᠷ ᠵᠠᠮ ᠤᠨ ᠨᠡᠭᠦᠷᠡᠰᠦᠨ ᠤ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠵᠠᠩᠭᠢᠯᠠᠭ᠎ᠠ ᠶᠢᠨ ᠴᠡᠭ ᠤᠨ | ᠢᠨᠵᠧᠨᠧᠷᠢᠩ ᠢ ᠪᠦᠲᠦᠭᠡᠨ ᠪᠠᠶᠢᠭᠤᠯᠵᠤ᠂ ᠵᠠᠩᠭᠢᠯᠠᠭ᠎ᠠ ᠶᠢᠨ ᠴᠡᠭ ᠤᠨ ᠢᠨᠵᠧᠨᠧᠷᠢᠩ ᠤᠨ ᠲᠠᠰ ᠳᠡᠪᠰᠢᠭᠦᠯᠦᠨ | ᠵᠥᠭᠡᠯᠡᠨ ᠬᠠᠲᠠᠭᠤ ᠲᠣᠨᠤᠭ ᠤᠨ ᠪᠡᠯᠡᠳᠬᠡᠮᠵᠢ ᠪᠠ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠶᠢ ᠬᠥᠲᠥᠯᠥᠨ | ᠵᠢᠯᠤᠭᠤᠳᠴᠤ ᠳᠡᠮᠵᠢᠵᠦ᠂ ᠵᠠᠩᠭᠢᠯᠠᠭ᠎ᠠ ᠶᠢᠨ ᠴᠡᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠪᠠᠲᠤᠯᠠᠭ᠎ᠠ ᠬᠠᠩᠭᠠᠨ᠎ᠠ᠃ ︵ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 2. ︽ᠲᠣᠭᠠᠴᠢᠯᠠᠭᠰᠠᠨ ᠡᠬᠡ ᠬᠠᠭᠤᠷᠠᠢ ᠶᠢᠨ ᠭᠠᠷᠠᠮ︾ ᠤᠨ ᠪᠣᠬᠢᠷᠲᠤᠯ ᠦᠭᠡᠢ ᠣᠶᠤᠨᠴᠢ ᠪᠠᠷᠠᠭᠠᠨ ᠤ | ᠭᠦᠢᠯᠭᠡᠭᠡᠨ ᠤ ᠵᠠᠭᠪᠤᠷ ᠢ ᠥᠷᠭᠡᠳᠬᠡᠨ᠎ᠡ᠃ ᠡᠷᠴᠢᠮᠵᠢᠭᠦᠯᠦᠭᠰᠡᠨ᠂ ᠲᠣᠭᠠᠴᠢᠯᠠᠭᠰᠠᠨ᠂ ᠣᠶᠣᠨᠴᠢᠯᠠᠭᠰᠠᠨ᠂ | ᠪᠣᠬᠢᠷᠲᠤᠯ ᠦᠭᠡᠢ᠂ ᠳᠣᠣᠷ᠎ᠠ ᠨᠡᠭᠦᠷᠡᠰᠦᠲᠥ᠋ᠷᠥᠭᠴᠢᠲᠦ ᠲᠡᠭᠡᠭᠡᠪᠦᠷᠢ ᠶᠢᠨ ᠬᠥᠭᠵᠢᠯᠲᠡ ᠶᠢᠨ ᠴᠢᠭᠯᠡᠯ ᠶᠣᠰᠣᠭᠠᠷ᠂ ᠡᠳ᠋ | ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ | ᠮᠡᠷᠭᠡᠵᠢᠯ ᠤᠨ ᠬᠡᠷᠡᠭᠯᠡᠭᠡᠨ ᠤ ᠠᠬᠤᠢ ᠶᠢ ᠶᠡᠬᠡᠪᠡᠷ ᠳᠡᠯᠭᠡᠷᠡᠭᠦᠯᠵᠦ᠂ ︽ᠴᠢᠷᠦᠭᠦᠯ ᠢᠶᠠᠨ ᠬᠠᠶᠠᠬᠤ︾ ︽ | ᠬᠠᠶᠢᠷᠴᠠᠭ ᠢᠶᠠᠨ ᠬᠠᠶᠠᠬᠤ︾ ᠵᠡᠷᠭᠡ ᠲᠡᠭᠡᠭᠡᠪᠦᠷᠢ ᠶᠢᠨ ᠵᠠᠭᠪᠤᠷ ᠲᠠᠢ ᠤᠶᠠᠯᠳᠤᠭᠤᠯᠤᠨ᠂ ᠰᠢᠨ᠎ᠡ ᠡᠨᠧᠷᠭᠢ ᠶᠢᠨ | ᠲᠡᠭᠡᠭᠡᠪᠦᠷᠢ ᠶᠢᠨ ᠪᠠᠭᠠᠵᠢ ᠶᠢᠨ ᠬᠡᠷᠡᠭᠯᠡᠭᠡᠨ ᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠲᠠᠷᠠᠬᠠᠢ ᠠᠴᠠ | ᠲᠥᠪᠯᠡᠷᠡᠭᠰᠡᠨ + ᠰᠢᠨ᠎ᠡ ᠡᠨᠧᠷᠭᠢ︾ ᠪᠣᠬᠢᠷᠲᠤᠯ ᠦᠭᠡᠢ ᠥᠨᠳᠥᠷ ᠦᠷ᠎ᠡ ᠪᠦᠲᠦᠮᠵᠢᠲᠡᠶ ︽ᠲᠣᠭᠠᠴᠢᠯᠠᠭᠰᠠᠨ ᠡᠬᠡ | ᠬᠠᠭᠤᠷᠠᠢ ᠶᠢᠨ ᠭᠠᠷᠠᠮ︾ ᠤᠨ ᠲᠡᠭᠡᠭᠡᠪᠦᠷᠢ ᠶᠢᠨ ᠵᠠᠭᠪᠤᠷ ᠢ ᠥᠷᠭᠡᠨ ᠢᠶᠠᠷ ᠬᠡᠷᠡᠭᠯᠡᠨ᠎ᠡ᠃ ᠡᠭᠦᠨ ᠤ ᠬᠠᠮᠲᠤ᠂ ᠪᠥᠬᠦ | ᠬᠤᠲᠠ ᠶᠢᠨ ᠬᠡᠪᠴᠢᠶᠡᠨ ᠳᠤ ᠰᠢᠨ᠎ᠡ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠨ ᠪᠠᠶᠢᠷᠢᠯᠠᠭᠤᠯᠵᠤ᠂ ᠪᠥᠬᠦ ᠬᠤᠲᠠ ᠶᠢᠨ ︽ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠣᠶᠤᠨᠲᠤ | ᠪᠠᠷᠠᠭᠠᠨ ᠤ ᠭᠦᠢᠯᠭᠡᠭᠡ︾ ᠶᠢᠨ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠤᠨ᠎ᠠ᠃ ︵ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ | ᠬᠠᠷᠢᠭᠤᠴᠠᠨ᠎ᠠ︶ | ᠲᠤᠯᠤᠭ᠎ᠠ᠂ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠭᠦᠢᠯᠭᠡᠭᠡ ᠳᠤ ᠦᠢᠯᠡᠴᠢᠯᠡᠬᠦ ᠴᠢᠳᠠᠪᠤᠷᠢ ᠶᠢ | ᠥᠷᠭᠡᠳᠬᠡᠨ᠎ᠡ | ︵ᠨᠢᠭᠡ︶ ᠮᠥᠩᠭᠦᠨ ᠭᠦᠢᠯᠭᠡᠭᠡᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠨ᠎ᠠ | ᠮᠠᠨ ᠤ ᠬᠤᠲᠠ ᠶᠢᠨ ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠭᠦᠢᠯᠭᠡᠭᠡᠨ᠂ ᠵᠠᠮ ᠬᠠᠷᠢᠯᠴᠠᠭ᠎ᠠ | ᠲᠡᠭᠡᠭᠡᠪᠦᠷᠢ᠂ ᠬᠥᠮᠥᠷᠭᠡᠯᠡᠨ ᠬᠠᠳᠠᠭᠠᠯᠠᠵᠤ ᠲᠣᠬᠢᠷᠠᠭᠤᠯᠤᠨ ᠬᠦᠷᠭᠡᠬᠦ ᠵᠡᠷᠭᠡ ᠡᠯ᠎ᠡ ᠲᠥᠷᠥᠯ ᠤᠨ ᠭᠦᠢᠯᠭᠡᠭᠡᠨ ᠤ ᠠᠵᠤ | ᠦᠢᠯᠡᠰ ᠤᠨ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠭᠦᠢᠯᠭᠡᠭᠡᠨ ᠤ ᠠᠵᠤ ᠦᠢᠯᠡᠰ ᠤᠨ ᠲᠥᠷᠥᠯ | ᠵᠦᠢᠯ ᠤᠨ ᠬᠥᠮᠥᠷᠭᠡ ᠶᠢ ᠪᠠᠶᠢᠭᠤᠯᠤᠨ᠂ ᠣᠯᠠᠨ ᠠᠷᠭ᠎ᠠ ᠵᠠᠮ ᠣᠯᠠᠨ ᠠᠷᠭ᠎ᠠ ᠮᠠᠶ᠋ᠢᠭ ᠢᠶᠠᠷ ᠮᠥᠩᠭᠦᠨ ᠭᠦᠢᠯᠭᠡᠭᠡᠨ ᠤ | ᠪᠠᠶᠢᠭᠤᠯᠤᠮᠵᠢ ᠳᠤ ᠭᠦᠢᠯᠭᠡᠭᠡᠨ ᠤ ᠠᠵᠤ ᠦᠢᠯᠡᠰ ᠤᠨ ᠲᠥᠷᠥᠯ ᠵᠦᠢᠯ ᠢ ᠲᠠᠨᠢᠯᠴᠠᠭᠤᠯᠤᠨ᠎ᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠠᠵᠤ ᠠᠬᠤᠶᠢᠯᠠᠯ ᠤᠨ ᠣᠨᠴᠠᠯᠢᠭ ᠢ ᠦᠨᠳᠦᠰᠦᠯᠡᠨ ᠥᠪᠡᠷᠮᠢᠴᠡ | ᠣᠨᠴᠠᠯᠢᠭ ᠲᠠᠢ ᠪᠡᠯᠡ ᠲᠣᠬᠢᠷᠠᠭᠤᠯᠭ᠎ᠠ ᠶᠢᠨ ᠰᠢᠢᠳᠪᠦᠷᠢᠯᠡᠬᠦ ᠲᠥᠰᠥᠯ ᠬᠠᠩᠭᠠᠵᠤ᠂ ᠭᠦᠢᠯᠭᠡᠭᠡᠨ ᠤ ᠠᠵᠤ | ᠠᠬᠤᠶᠢᠯᠠᠯ ᠳᠤ ᠬᠠᠨᠳᠤᠭᠤᠯᠤᠭᠰᠠᠨ ᠪᠡᠯᠡ ᠲᠣᠬᠢᠷᠠᠭᠤᠯᠬᠤ᠂ ᠳ᠋ᠦᠩᠨᠡᠨ ᠪᠤᠳᠤᠬᠤ ᠵᠡᠷᠭᠡ ᠲᠤᠬᠠᠶᠢᠯᠠᠭᠰᠠᠨ ᠠᠵᠢᠯ ᠢ | ᠪᠠᠶᠠᠯᠢᠭᠵᠢᠭᠤᠯᠬᠤ ᠶᠢ ᠵᠣᠷᠢᠭᠵᠢᠭᠤᠯᠬᠤ ᠶᠢᠨ ᠬᠠᠮᠲᠤ᠂ ᠭᠦᠢᠯᠭᠡᠭᠡᠨ ᠤ ᠠᠵᠤ ᠠᠬᠤᠶᠢᠯᠠᠯ ᠤᠨ | ᠡᠯᠧᠺᠲ᠋ᠣᠷᠣᠨᠴᠢᠯᠠᠭᠰᠠᠨ ᠳ᠋ᠦᠩᠨᠡᠨ ᠪᠤᠳᠤᠬᠤ ᠪᠠᠭᠠᠵᠢ ᠬᠡᠷᠡᠭᠯᠡᠬᠦ ᠶᠢ ᠬᠥᠲᠥᠯᠥᠨ ᠵᠢᠯᠣᠭᠤᠳᠴᠤ᠂ ᠳ᠋ᠦᠩᠨᠡᠨ ᠪᠤᠳᠤᠬᠤ | ᠥᠪᠡᠷ ᠤᠨ ᠥᠷᠲᠡᠭ ᠢ ᠪᠠᠭᠤᠷᠠᠭᠤᠯᠤᠨ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ | ᠃ ︵ᠬᠤᠲᠠ ᠶᠢᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ | ᠬᠤᠪᠢᠶᠠᠨ ᠬᠠᠷᠢᠭᠤᠴᠠᠨ᠎ᠠ︶ | ︵ᠬᠤᠶᠠᠷ︶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ | ᠰᠢᠨ᠎ᠡ ᠪᠠᠷ ᠬᠥᠭᠵᠢᠭᠰᠡᠨ ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ | ᠬᠥᠭᠵᠢᠭᠦᠯᠵᠦ᠂ ᠮᠥᠩᠭᠦᠨ ᠭᠦᠢᠯᠭᠡᠭᠡᠨ ᠤ ᠭᠦᠢᠯᠭᠡᠭᠡᠨ ᠤ ᠠᠵᠤ ᠠᠬᠤᠶᠢᠯᠠᠯ ᠳᠤ ᠦᠢᠯᠡᠴᠢᠯᠡᠬᠦ ᠴᠢᠳᠠᠮᠵᠢ ᠶᠢ | ᠴᠢᠩᠭᠠᠷᠠᠭᠤᠯᠤᠨ᠂ ᠪᠥᠬᠦ ᠬᠤᠲᠠ ᠶᠢᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠬᠥᠬᠡᠬᠤᠲᠠ ᠳᠤ ᠰᠠᠭᠤᠭ᠎ᠠ ᠲᠥᠪ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ᠂ ᠰᠠᠯᠠᠭ᠎ᠠ ᠮᠥᠴᠢᠷ ᠤᠨ | ᠬᠤᠭᠤᠷᠣᠨᠳᠤ ᠪᠠᠨ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠪᠠᠩᠬᠢ ᠠᠵᠤ ᠠᠬᠤᠶᠢᠯᠠᠯ ᠤᠨ | ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠰᠠᠭ ᠮᠥᠩᠭᠦᠨ ᠭᠦᠢᠯᠭᠡᠭᠡ ᠠᠵᠤ | ᠠᠬᠤᠶᠢᠯᠠᠯ ᠢ ᠵᠣᠯᠭᠠᠭᠤᠯᠬᠤ ᠣᠯᠠᠨ ᠬᠡᠯᠪᠡᠷᠢ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠮᠥᠩᠭᠦᠨ | ᠭᠦᠢᠯᠭᠡᠭᠡ ᠠᠵᠤ ᠠᠬᠤᠶᠢᠯᠠᠯ ᠤᠨ ᠬᠠᠷᠢᠯᠴᠠᠵᠤ ᠵᠣᠯᠭᠠᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠳᠤ ᠲᠤᠰᠠᠯᠠᠵᠤ᠂ ᠮᠥᠩᠭᠦᠨ ᠭᠦᠢᠯᠭᠡᠭᠡᠨ ᠠᠴᠠ ᠭᠦᠢᠯᠭᠡᠭᠡᠨ ᠤ ᠠᠵᠤ | ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ᠃ ︵ᠬᠤᠲᠠ ᠶᠢᠨ | ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠬᠠᠷᠢᠭᠤᠴᠠᠨ᠎ᠠ︶ | ᠨᠠᠢᠮᠠ᠂ ᠭᠦᠢᠯᠭᠡᠭᠡᠨ ᠤ ᠬᠦᠷᠢᠶᠡᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | ︵ᠨᠢᠭᠡ︶ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤᠪᠠᠷ ᠬᠡᠷᠡᠭᠯᠡᠬᠦ ᠶᠢ | ᠠᠬᠢᠭᠤᠯᠤᠨ᠎ᠠ | ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡᠨ᠂ ᠬᠤᠳᠠᠯᠳᠤᠭᠠᠨ ᠤ ᠶᠠᠪᠤᠳᠠᠯ᠂ ᠰᠢᠤᠳᠠᠨ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠵᠡᠷᠭᠡ ᠭᠦᠢᠯᠭᠡᠭᠡᠨ ᠤ ᠬᠦᠷᠢᠶ᠎ᠡ ᠴᠠᠷᠠᠭ᠎ᠠ ᠵᠢᠴᠢ ᠠᠷᠠᠯᠵᠢᠶ᠎ᠠ ᠬᠤᠳᠠᠯᠳᠤᠭ᠎ᠠ᠂ | ᠪᠠᠷᠠᠭᠠᠨ ᠤ ᠭᠦᠢᠯᠭᠡᠭᠡᠨ ᠤ ᠲᠠᠯᠠᠪᠤᠷ ᠭᠠᠵᠠᠷ ᠤᠨ ᠭᠠᠯ ᠰᠡᠷᠭᠡᠶᠢᠯᠡᠬᠦ ᠠᠶᠤᠯᠭᠦᠢ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠵᠤ ᠬᠠᠮᠲᠤᠪᠠᠷ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠠᠵᠢᠯ ᠲᠥᠷᠥᠯ ᠤᠨ | ᠢᠲᠡᠭᠡᠮᠵᠢ ᠶᠢᠨ ᠦᠨᠡᠯᠡᠯᠲᠡ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠬᠠᠤᠯᠢ ᠴᠠᠭᠠᠵᠠ ᠶᠢᠨ ᠰᠢᠭᠦᠨ | ᠲᠠᠰᠤᠯᠤᠯᠲᠠ ᠵᠢᠴᠢ ᠭᠦᠢᠴᠡᠳᠬᠡᠬᠦ᠂ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠵᠡᠷᠭᠡ | ᠬᠢᠨᠠᠯᠲᠠ ᠬᠠᠮᠢᠶᠠᠷᠤᠯᠲᠠ ᠶᠢᠨ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤᠪᠠᠷ | ᠬᠡᠷᠡᠭᠯᠡᠬᠦ ᠶᠢ ᠭᠤᠣᠯᠳᠠᠯᠭ᠎ᠠ ᠲᠠᠢ ᠠᠬᠢᠭᠤᠯᠤᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠠᠵᠤ | ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠬᠡᠷᠡᠭᠡᠯᠡᠬᠦ ᠡᠷᠴᠢᠮ ᠢ | ᠴᠢᠩᠭᠠᠷᠠᠭᠤᠯᠵᠤ᠂ ︽ᠴᠤᠭᠯᠠᠭᠤᠯᠬᠤ ᠶᠣᠰᠣᠲᠠᠢ ᠶᠢ ᠪᠦᠬᠦᠨ ᠢ ᠴᠤᠭᠯᠠᠭᠤᠯᠵᠤ᠂ ᠢᠯᠡ ᠨᠡᠶᠢᠲᠡᠯᠡᠬᠦ ᠶᠣᠰᠣᠲᠠᠢ ᠶᠢ ᠨᠢ | ᠪᠦᠬᠦᠨ ᠢ ᠢᠯᠡ ᠨᠡᠶᠢᠲᠡᠯᠡᠬᠦ︾ ᠶᠢ ᠪᠡᠶᠡᠯᠡᠭᠦᠯᠦᠨ᠎ᠡ᠃ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠵᠠᠬ᠎ᠠ ᠳᠡᠯᠭᠡᠭᠦᠷ ᠤᠨ | ᠭᠤᠣᠯ ᠴᠣᠭᠴᠠ ᠠᠴᠠ ︽ᠰᠠᠶᠢᠨ ᠳᠤᠷ᠎ᠠ ᠠᠴᠠ ᠪᠠᠨ ᠲᠠᠭᠯᠠᠨ ᠮᠡᠳᠡᠭᠦᠯᠬᠦ + ᠢᠲᠡᠭᠡᠮᠵᠢ ᠶᠢᠨ ᠠᠮᠠᠯᠠᠯᠲᠠ︾ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠰ ᠪᠡᠶ᠎ᠡ ᠶᠢᠨ ᠮᠡᠳᠡᠭᠡ ᠵᠠᠩᠭᠢ ᠪᠠᠨ ᠨᠥᠬᠦᠪᠦᠷᠢᠯᠡᠨ ᠲᠡᠭᠦᠯᠳᠡᠷᠵᠢᠭᠦᠯᠬᠦ ᠶᠢ | ᠵᠣᠷᠢᠭᠵᠢᠭᠤᠯᠵᠤ᠂ ᠮᠡᠳᠡᠭᠡ ᠵᠠᠩᠭᠢ ᠶᠢ ᠬᠠᠮᠲᠤᠪᠠᠷ ᠬᠡᠷᠡᠭᠯᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ︵ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶ᠎ᠠ᠂ ᠰᠠᠶᠢᠬᠠᠨ ᠪᠣᠭᠤᠮᠲᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠬᠤᠶᠠᠷ︶ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠮᠥᠷᠳᠡᠬᠦ | ᠰᠢᠰᠲ᠋ᠧᠮᠵᠢ ᠶᠢ ᠲᠦᠷᠭᠡᠨ ᠪᠠᠶᠢᠭᠤᠯᠤᠨ᠎ᠠ | ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ | ᠠᠶᠤᠯᠭᠦᠢ ᠶᠢ ᠮᠥᠷᠳᠡᠬᠦ ᠰᠢᠰᠲ᠋ᠧᠮᠵᠢ ᠶᠢ ᠪᠠᠶᠢᠭᠤᠯᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ | ᠲᠥᠷᠥᠯ ᠤᠨ ᠬᠢᠨ ᠠᠴᠠ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠣᠮᠣ ᠳᠤᠮᠳᠠ ᠬᠡᠯᠪᠡᠷᠢ ᠶᠢᠨ | ᠬᠤᠳᠠᠯᠳᠤᠭᠠᠨ ᠤ ᠬᠡᠲᠦ ᠳᠡᠯᠭᠡᠭᠦᠷ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠵᠢᠴᠢ | ᠴᠢᠬᠤᠯᠠ ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ ᠥᠪᠡᠷ ᠢᠶᠠᠨ ᠪᠦᠲᠦᠭᠡᠭᠳᠡᠬᠦᠨ ᠢ ᠮᠥᠷᠳᠡᠬᠦ ᠰᠢᠰᠲ᠋ᠧᠮ ᠪᠠᠶᠢᠭᠤᠯᠬᠤ ᠶᠢᠨ ᠬᠠᠮᠲᠤ ᠲᠤᠭ᠎ᠠ ᠪᠠᠷᠢᠮᠲᠠ ᠶᠢ | ᠬᠠᠮᠲᠤᠪᠠᠷ ᠬᠡᠷᠡᠭᠯᠡᠬᠦ ᠶᠢ ᠵᠣᠷᠢᠭᠵᠢᠭᠤᠯᠵᠤ᠂ ᠡᠯ᠎ᠡ ᠮᠥᠷᠳᠡᠬᠦ ᠰᠢᠰᠲ᠋ᠧᠮᠵᠢ ᠶᠢ ᠪᠠᠶᠢᠭᠤᠯᠤᠭᠰᠠᠨ ᠭᠤᠣᠯ | ᠴᠣᠭᠴᠠ ᠠᠴᠠ ᠨᠡᠶᠢᠭᠡᠮ ᠨᠡᠶᠢᠲᠡ ᠳᠤ ᠬᠠᠨᠳᠤᠭᠤᠯᠤᠭᠰᠠᠨ ᠮᠥᠷᠳᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ | ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠵᠤ | ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠭᠤᠷᠪᠠ︶ ᠭᠦᠢᠯᠭᠡᠭᠡᠨ ᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ | ︽ᠬᠤᠶᠠᠷ ᠢ ᠰᠤᠭᠤᠴᠢᠵᠤ ᠨᠢᠭᠡ ᠶᠢ ᠢᠯᠡ ᠪᠤᠯᠭᠠᠬᠤ ︾ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ | ᠴᠠᠷᠠᠭ᠎ᠠ ᠶᠢᠨ ︽ᠬᠤᠶᠠᠷ ᠢ ᠰᠤᠭᠤᠴᠢᠵᠤ ᠨᠢᠭᠡ ᠶᠢ ᠢᠯᠡ ᠪᠤᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠳᠦᠷᠢᠮᠵᠢᠯ ᠵᠢᠷᠤᠮᠵᠢᠯ ᠢ ᠲᠦᠯᠬᠢᠨ ᠠᠬᠢᠭᠤᠯᠤᠨ᠎ᠠ᠃ ᠭᠦᠢᠯᠭᠡᠭᠡᠨ ᠤ ᠬᠦᠷᠢᠶᠡᠨ ᠳᠠᠬᠢ ᠢᠲᠡᠭᠡᠮᠵᠢ ᠶᠢᠨ | ᠠᠮᠠᠯᠠᠯᠲᠠ ᠶᠢᠨ ᠳᠦᠷᠢᠮ᠂ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ | ᠪᠦᠬᠦᠨ ᠢ ᠬᠠᠮᠤᠷᠤᠭᠰᠠᠨ᠂ ᠪᠠᠷᠢᠮᠵᠢᠶᠠᠵᠢᠭᠰᠠᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠢᠲᠡᠭᠡᠮᠵᠢ ᠶᠢᠨ | ᠦᠨᠡᠯᠡᠯᠲᠡ ᠶᠢ ᠢᠳᠡᠪᠬᠢᠲᠡᠢ ᠥᠷᠨᠢᠭᠦᠯᠵᠦ᠂ ᠢᠲᠡᠭᠡᠮᠵᠢ ᠶᠢ ᠱᠠᠲᠤ ᠬᠤᠪᠢᠶᠠᠨ ᠲᠦᠷᠦᠯ ᠬᠤᠪᠢᠶᠠᠨ ᠬᠢᠨᠠᠨ | ᠬᠠᠮᠢᠶᠠᠷᠬᠤ ᠶᠢ ᠲᠦᠯᠬᠢᠨ ᠠᠬᠢᠭᠤᠯᠤᠨ᠎ᠠ᠃ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠵᠢᠯ ᠢ ᠬᠠᠤᠯᠢ | ᠲᠣᠭᠲᠠᠭᠠᠯ ᠶᠣᠰᠣᠭᠠᠷ ᠥᠷᠨᠢᠭᠦᠯᠵᠦ᠂ ᠢᠲᠡᠭᠡᠮᠵᠢ ᠶᠢ ᠰᠡᠷᠭᠦᠭᠡᠬᠦ᠂ ᠣᠨᠳᠣᠣ ᠰᠠᠨᠠᠯ ᠢ ᠰᠢᠢᠳᠪᠦᠷᠢᠯᠡᠬᠦ ᠵᠡᠷᠭᠡ ᠢᠵᠢ | ᠪᠦᠷᠢᠳᠦᠭᠦᠯᠬᠦ ᠲᠣᠭᠲᠠᠴᠠ ᠶᠢ ᠪᠦᠷᠢᠨᠰᠢᠭᠦᠯᠦᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠠᠶᠤᠯᠭᠦᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠭᠦᠢᠯᠭᠡᠭᠡᠨ ᠤ ᠬᠦᠷᠢᠶᠡᠨ ᠳᠠᠬᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ |