︵ᠰᠤᠷᠪᠤᠯᠵᠢᠯᠠᠭᠴᠢ ᠯᠢᠦ ᠯᠢ ᠰᠢᠶᠠ︶ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ | ᠣᠶᠢᠯᠠᠭᠠᠭᠰᠠᠨ ᠨᠢ᠂ 1—2 ᠳ᠋ᠤᠭᠠᠷ ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠭᠤᠣᠯᠯᠠᠬᠤ ᠡᠨᠧᠷᠭᠢ ᠶᠢᠨ ᠰᠤᠷᠪᠤᠯᠵᠢ ᠶᠢᠨ ᠦᠢᠯᠡᠳᠬᠦᠨ᠄ ᠲᠦᠭᠦᠬᠡᠢ ᠨᠡᠭᠦᠷᠡᠰᠦᠨ ᠤ ᠭᠠᠷᠤᠯᠲᠠ | ᠂ ᠴᠠᠬᠢᠯᠭᠠᠨ ᠭᠠᠷᠭᠠᠬᠤ ᠬᠡᠮᠵᠢᠶ᠎ᠡ ᠪᠣᠯᠣᠨ ᠢᠯᠴᠢ ᠶᠢᠨ ᠬᠦᠴᠦᠨ ᠤ ᠭᠠᠷᠤᠯᠲᠠ ᠬᠤᠶᠠᠷ ᠣᠷᠣᠨᠲᠤ ᠲᠤᠭ᠎ᠠ ᠪᠠᠷ | ᠨᠡᠮᠡᠭᠳᠡᠵᠦ᠂ ᠲᠦᠭᠦᠬᠡᠢ ᠴᠢᠯᠠᠭᠤᠨ ᠲᠣᠰᠣ ᠶᠢ ᠪᠣᠯᠪᠠᠰᠤᠷᠠᠭᠤᠯᠤᠭᠰᠠᠨ ᠬᠡᠮᠵᠢᠶ᠎ᠡ ᠪᠣᠯᠣᠨ ᠪᠣᠯᠪᠠᠰᠤᠷᠠᠭᠤᠯᠤᠭᠰᠠᠨ | ᠴᠢᠯᠠᠭᠤᠨ ᠲᠣᠰᠣᠨ ᠤ ᠭᠠᠷᠤᠯᠲᠠ ᠴᠥᠮ ᠪᠠᠭ᠎ᠠ ᠨᠡᠮᠡᠭᠳᠡᠵᠡᠢ᠃ | ᠨᠡᠭᠦᠷᠡᠰᠦᠨ ᠤ ᠭᠠᠷᠤᠯᠲᠠ ᠲᠦᠷᠭᠡᠨ ᠢᠶᠠᠷ ᠨᠡᠮᠡᠭᠳᠡᠪᠡ᠃ 1—2 ᠳ᠋ᠤᠭᠠᠷ ᠰᠠᠷ᠎ᠠ ᠳᠤ᠂ ᠪᠥᠬᠦ ᠬᠤᠲᠠ ᠶᠢᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠢ ᠨᠡᠭᠦᠷᠡᠰᠦᠨ ᠤ ᠭᠠᠷᠤᠯᠲᠠ 10.7 ᠲᠦᠮᠡᠨ | ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 44.7% ᠪᠠᠷ ᠨᠡᠮᠡᠭᠳᠡᠨ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 3.3 ᠲᠦᠮᠡᠨ ᠲᠣᠨ ᠨᠡᠮᠡᠭᠳᠡᠵᠡᠢ᠃ | ᠴᠠᠬᠢᠯᠭᠠᠨ ᠭᠠᠷᠭᠠᠬᠤ ᠬᠡᠮᠵᠢᠶ᠎ᠡ ᠡᠬᠢᠯᠡᠭᠡᠳ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ 1—2 ᠳ᠋ᠤᠭᠠᠷ | ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ | ᠬᠡᠮᠵᠢᠶ᠎ᠡ 123.5 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 20.4% ᠪᠠᠷ | ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ︵4.7%︶ ᠬᠢ ᠠᠴᠠ 15.7 | ᠵᠠᠭᠤᠨ ᠤ ᠨᠢᠭᠡᠴᠢ ᠥᠷᠭᠡᠳᠴᠡᠢ᠃ | ᠴᠠᠬᠢᠯᠭᠠᠨ ᠭᠠᠷᠭᠠᠬᠤ ᠠᠷᠭ᠎ᠠ ᠬᠡᠯᠪᠡᠷᠢ ᠠᠴᠠ ᠦᠵᠡᠪᠡᠯ᠂ ᠬᠡᠷᠡᠯ ᠴᠠᠬᠢᠯᠭᠠᠨ ᠠᠳᠠᠯᠢ ᠬᠤᠭᠤᠴᠠᠭᠠᠨ ᠤ | ᠨᠡᠮᠡᠭᠳᠡᠯ ᠤᠨ ᠬᠤᠷᠳᠤᠴᠠ ᠠᠴᠠ ᠳᠣᠷᠣᠭᠰᠢᠯᠠᠭᠰᠠᠨ ᠢ ᠭᠠᠷᠭᠠᠪᠠᠯ᠂ ᠢᠯᠴᠢ ᠶᠢᠨ ᠴᠠᠬᠢᠯᠭᠠᠨ᠂ ᠰᠠᠯᠬᠢᠨ ᠬᠦᠴᠦᠨ ᠤ | ᠴᠠᠬᠢᠯᠭᠠᠨ᠂ ᠤᠰᠤᠨ ᠴᠠᠬᠢᠯᠭᠠᠨ ᠤ ᠨᠡᠮᠡᠭᠳᠡᠯ ᠤᠨ ᠬᠤᠷᠳᠤᠴᠠ ᠴᠥᠮ ᠨᠡᠮᠡᠭᠳᠡᠯ ᠤᠨ ᠬᠠᠨᠳᠤᠰᠢ ᠲᠠᠢ ᠪᠠᠶᠢᠨ᠎ᠠ᠃ | ᠭᠠᠯ ᠤᠨ ᠬᠦᠴᠦᠨ ᠤ ᠴᠠᠬᠢᠯᠭᠠᠨ ᠭᠠᠷᠭᠠᠯᠲᠠ 112.4 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 20.9% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 17.6 ᠵᠠᠭᠤᠨ ᠤ ᠨᠢᠭᠡᠴᠢ ᠥᠷᠭᠡᠳᠴᠦ᠂ ᠪᠥᠬᠦ ᠬᠤᠲᠠ ᠶᠢᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢᠨ ᠨᠡᠮᠡᠭᠳᠡᠯ ᠤᠨ ᠥᠰᠦᠯᠲᠡ ᠶᠢᠨ ᠭᠤᠣᠯ | ᠬᠦᠴᠦᠨ ᠪᠣᠯᠪᠠ︔ ᠰᠠᠯᠬᠢᠨ ᠬᠦᠴᠦᠨ ᠤ ᠴᠠᠬᠢᠯᠭᠠᠨ ᠭᠠᠷᠭᠠᠯᠲᠠ 6.7 ᠳ᠋ᠦᠩᠰᠢᠭᠤᠷ ᠺᠢᠯᠣᠸᠠᠲ ᠴᠠᠭ ᠬᠦᠷᠴᠦ᠂ | ᠠᠳᠠᠯᠢ ᠬᠤᠭᠤᠴᠠᠭᠠᠨ ᠤ ᠬᠢ ᠠᠴᠠ 23.6% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 13.7 ᠵᠠᠭᠤᠨ ᠤ ᠨᠢᠭᠡᠴᠢ ᠪᠠᠭᠤᠷᠠᠪᠠ︔ ᠤᠰᠤᠨ ᠬᠦᠴᠦᠨ ᠤ ᠴᠠᠬᠢᠯᠭᠠᠨ ᠭᠠᠷᠭᠠᠯᠲᠠ | 2.9 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 9.9% ᠨᠡᠮᠡᠭᠳᠡᠵᠦ᠂ | ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.9 ᠵᠠᠭᠤᠨ ᠤ ᠨᠢᠭᠡᠴᠢ ᠥᠷᠭᠡᠳᠪᠡ︔ | ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ 1.5 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.5% ᠪᠠᠷ ᠪᠠᠭᠤᠷᠠᠪᠠ᠂ ᠲᠣᠰ ᠬᠤᠭᠤᠴᠠᠭᠠᠨ ᠤ ᠣᠨᠴᠠᠭᠠᠶ ᠴᠠᠭ ᠠᠭᠤᠷ ᠨᠡᠯᠢᠶᠡᠳ | ᠠᠷᠪᠢᠨ᠂ ᠬᠡᠷᠡᠯ ᠤᠨ ᠲᠤᠰᠤᠯᠲᠠ ᠬᠦᠷᠦᠯᠴᠡᠬᠦ ᠦᠭᠡᠢ ᠠᠴᠠ ᠪᠣᠯᠵᠤ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 3.2 ᠵᠠᠭᠤᠨ ᠤ ᠨᠢᠭᠡᠴᠢ ᠪᠠᠭᠤᠷᠠᠪᠠ᠃ | ᠴᠢᠯᠠᠭᠤᠵᠢᠮᠠᠯ ᠲᠦᠯᠡᠰᠢ ︵ᠭᠤᠣᠯᠳᠠᠭᠤ ᠨᠡᠭᠦᠷᠡᠰᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ | ᠪᠠᠭᠲᠠᠨ᠎ᠠ︶ ᠪᠠᠷ ᠢᠯᠴᠢ ᠬᠠᠩᠭᠠᠬᠤ ᠪᠣᠯ ᠪᠦᠬᠦ ᠬᠤᠲᠠ ᠶᠢᠨ ᠢᠯᠴᠢ ᠬᠠᠩᠭᠠᠬᠤ ᠭᠤᠣᠯ ᠠᠷᠭ᠎ᠠ ᠮᠠᠶ᠋ᠢᠭ ᠪᠣᠯᠣᠨ᠎ᠠ᠃ | 1—2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠭᠠᠷᠭᠠᠭᠰᠠᠨ ᠢᠯᠴᠢ ᠶᠢᠨ ᠬᠦᠴᠦᠨ 4310.7 ᠲᠦᠮᠡᠨ ᠺᠢᠯᠤ᠋ ᠵᠣᠶᠢᠯ ᠬᠦᠷᠴᠦ᠂ ᠠᠳᠠᠯᠢ ᠬᠤᠭᠤᠴᠠᠭᠠᠨ ᠤ | ᠬᠢ ᠠᠴᠠ 21.8% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠬᠢ ᠠᠴᠠ 15.8 ᠵᠠᠭᠤᠨ ᠤ | ᠨᠢᠭᠡᠴᠢ ᠥᠷᠭᠡᠳᠴᠡᠢ᠃ | ᠲᠦᠭᠦᠬᠡᠢ ᠴᠢᠯᠠᠭᠤᠨ ᠲᠣᠰᠣ ᠶᠢ ᠪᠣᠯᠪᠠᠰᠤᠷᠠᠭᠤᠯᠤᠭᠰᠠᠨ ᠬᠡᠮᠵᠢᠶ᠎ᠡ ᠪᠠ ᠪᠣᠯᠪᠠᠰᠤᠷᠠᠭᠤᠯᠤᠭᠰᠠᠨ ᠴᠢᠯᠠᠭᠤᠨ | ᠲᠣᠰᠣ ᠪᠠᠭ᠎ᠠ ᠬᠡᠮᠵᠢᠶ᠎ᠡ ᠪᠠᠷ ᠨᠡᠮᠡᠭᠳᠡᠪᠡ᠃ 1—2 ᠳ᠋ᠤᠭᠠᠷ ᠰᠠᠷ᠎ᠠ ᠳᠤ ᠮᠠᠨ ᠤ ᠬᠤᠲᠠ ᠶᠢᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠢ ᠴᠢᠯᠠᠭᠤᠨ ᠲᠣᠰᠣ ᠪᠣᠯᠪᠠᠰᠤᠷᠠᠭᠤᠯᠤᠭᠰᠠᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 1.5% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 9.2 ᠵᠠᠭᠤᠨ ᠤ ᠨᠢᠭᠡᠴᠢ ᠪᠠᠭᠤᠷᠠᠪᠠ᠃ ᠮᠠᠨ ᠤ ᠬᠤᠲᠠ ᠶᠢᠨ ᠪᠣᠯᠪᠠᠰᠤᠷᠠᠭᠤᠯᠤᠭᠰᠠᠨ | ᠴᠢᠯᠠᠭᠤᠨ ᠲᠣᠰᠣᠨ ᠤ ᠭᠤᠣᠯ ᠭᠠᠷᠤᠯᠲᠠ ᠡᠳᠦᠢ ᠲᠡᠳᠦᠢ ᠨᠡᠮᠡᠭᠳᠡᠵᠡᠢ᠃ ᠡᠭᠦᠨ ᠳᠤ᠂ ᠴᠢᠶ᠋ᠢᠦ ᠲᠣᠰᠣᠨ ᠤ | ᠭᠠᠷᠤᠯᠲᠠ ᠠᠳᠠᠯᠢ ᠬᠤᠭᠤᠴᠠᠭᠠᠨ ᠤ ᠬᠢ ᠠᠴᠠ 8.1% ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ | ᠠᠳᠠᠯᠢ ᠬᠤᠭᠤᠴᠠᠭᠠᠨ ᠤ 5.4 ᠵᠠᠭᠤᠨ ᠤ ᠨᠢᠭᠡᠴᠢ ᠬᠦᠷᠴᠡᠢ︔ ᠴᠠᠶᠢᠶ᠋ᠢᠦ ᠲᠣᠰᠣᠨ ᠤ ᠭᠠᠷᠤᠯᠲᠠ ᠠᠳᠠᠯᠢ | ᠬᠤᠭᠤᠴᠠᠭᠠᠨ ᠤ ᠬᠢ ᠠᠴᠠ 3.9% ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 8.7 ᠵᠠᠭᠤᠨ ᠤ ᠨᠢᠭᠡᠴᠢ ᠪᠠᠭᠤᠷᠠᠪᠠ᠃ |