ᠬᠤᠩ ᠾᠧ ᠪᠠᠯᠭᠠᠰᠤ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠵᠢᠴᠢ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/7
     3 ᠳ᠋ᠤᠭᠠᠷ ᠰᠠᠷ᠎ᠠ ᠶᠢᠨ 20 ᠤ ᠡᠳᠦᠷ᠂ ᠬᠤᠩ ᠾᠧ ᠪᠠᠯᠭᠠᠰᠤ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠵᠢᠴᠢ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ︽ᠲᠠᠪᠤ ᠶᠢ ᠡᠷᠬᠢᠯᠡᠬᠦ‍ ᠨᠢᠭᠡ ᠲᠣᠪᠴᠢᠶ᠎ᠠ ᠬᠤᠶᠠᠷ ᠲᠥᠪ︾ ᠤᠨ ᠬᠠᠷᠢᠭᠤᠴᠠᠯᠭᠠᠲᠠᠨ᠂ ᠡᠯ᠎ᠡ ᠲᠣᠰᠬᠤᠨ᠂ ᠠᠵᠤ ᠠᠬᠤᠶᠢᠯᠠᠯ ᠤᠨ ᠨᠠᠮ ᠤᠨ ᠡᠭᠦᠷ ᠤᠨ ᠱᠦᠵᠢ ᠣᠷᠣᠯᠴᠠᠵᠠᠢ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠷᠧᠨ ᠬᠦᠶ ᠬᠤᠷᠠᠯ ᠡᠷᠭᠢᠯᠡᠪᠡ᠃      ᠬᠤᠷᠠᠯ ᠠᠴᠠ 2024 ᠣᠨ ᠤ ᠪᠦᠬᠦ ᠪᠠᠯᠭᠠᠰᠤᠨ ᠤ ᠠᠯᠪᠠᠨ ᠭᠡᠷ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠬᠤ᠂ ᠬᠤᠷᠠᠯ ᠤᠨ ᠰᠤᠷᠲᠠᠯ ᠢ ᠬᠦᠴᠦᠯᠡᠨ ᠰᠠᠶᠢᠵᠢᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠬᠦ ᠵᠡᠷᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ 2024 ᠣᠨ ᠳᠤ ᠪᠦᠬᠦ ᠪᠠᠯᠭᠠᠰᠤᠨ ᠤ ᠤᠯᠤᠰ ᠲᠦᠷᠦ ᠬᠠᠤᠯᠢ ᠴᠠᠭᠠᠵᠠ᠂ ᠨᠢᠭᠡᠳᠦᠮᠡᠯ ᠹᠷᠣᠨᠲ ᠵᠢᠴᠢ ᠵᠣᠬᠢᠶᠠᠨ ᠪᠠᠶᠢᠭᠤᠯᠬᠤ ᠠᠵᠢᠯ ᠳᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠨᠢᠭᠡᠳᠦᠮᠡᠯ ᠹᠷᠣᠨᠲ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠠᠵᠢᠯ ᠢ ᠰᠠᠶᠢᠲᠤᠷ ᠬᠢᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ︔ 2024 ᠣᠨ ᠤ ᠪᠦᠬᠦ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠠᠵᠢᠯ ᠳᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠲᠥᠪ ᠤᠨ ᠨᠠᠢᠮᠠᠨ ᠲᠣᠭᠲᠠᠭᠠᠯ ᠢ ᠡᠷᠡᠰ ᠨᠠᠶᠢᠳᠠᠪᠤᠷᠢᠵᠢᠭᠤᠯᠵᠤ᠂ ᠵᠢᠷᠭᠠᠨ ᠴᠡᠩᠭᠡᠬᠦ ᠦᠵᠡᠯ ᠢ ᠡᠷᠡᠰ ᠬᠤᠷᠢᠭᠯᠠᠵᠤ᠂ ᠬᠢᠨᠠᠯᠲᠠ ᠲᠠᠯᠪᠢᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ︔ 2024 ᠣᠨ ᠤ ᠪᠦᠬᠦ ᠪᠠᠯᠭᠠᠰᠤᠨ ᠤ ᠤᠬᠠᠭᠤᠯᠭ᠎ᠠ ᠶᠢᠨ ᠠᠵᠢᠯ ᠳᠤ᠂ ᠤᠨᠤᠯ ᠤᠨ ᠰᠤᠷᠤᠯᠴᠠᠯᠭ᠎ᠠ ᠶᠢ ᠰᠠᠶᠢᠲᠤᠷ ᠬᠢᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠵᠢᠯ ᠢ ᠰᠠᠶᠢᠲᠤᠷ ᠬᠢᠵᠦ᠂ ᠴᠢᠬᠤᠯᠠ ᠶᠡᠭᠡ ᠶᠠᠷᠢᠶ᠎ᠠ ᠬᠡᠯᠡᠯᠴᠡᠭᠡᠨ ᠤ ᠬᠡᠷᠡᠭ ᠡᠭᠦᠰᠬᠦ ᠶᠢ ᠡᠷᠡᠰ ᠰᠡᠷᠭᠡᠶᠢᠯᠡᠨ ᠨᠠᠮᠳᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠰᠢᠨ᠎ᠡ ᠴᠠᠭ ᠦᠶ᠎ᠡ ᠳᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠶᠢᠯ ᠤᠨ ᠴᠢᠬᠤᠯᠠ ᠴᠢᠨᠠᠷ ᠪᠣᠯᠣᠨ ᠪᠣᠳᠠᠲᠤ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠠᠬᠢᠷᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠨᠠᠮ ᠤᠨ ᠪᠠᠶᠢᠭᠤᠯᠤᠯᠲᠠ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠤᠨ ᠤᠬᠠᠮᠰᠠᠷ ᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠪᠠᠯᠭᠠᠰᠤ ᠪᠠᠷ ᠢᠶᠠᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠰᠤᠳᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ ᠪᠠᠰᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠭᠠᠯ ᠢ ᠰᠡᠷᠭᠡᠶᠢᠯᠡᠬᠦ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ᠂ ᠨᠡᠶᠢᠲᠡ ᠶᠢᠨ ᠠᠰᠠᠷᠠᠮᠵᠢ ᠶᠢᠨ ᠣᠶ ᠶᠢᠨ ᠪᠡᠯᠡ ᠮᠥᠩᠭᠦ ᠶᠢ ᠲᠠᠷᠬᠠᠭᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1