ᠪᠦᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/7
     ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠥᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠨᠥᠭᠡᠴᠡᠯᠡᠬᠦ᠂ ᠬᠠᠮᠢᠶᠠᠷᠬᠤ ᠪᠠ ᠪᠡᠯᠡ ᠮᠥᠩᠭᠦ ᠣᠯᠬᠤ ᠵᠡᠷᠭᠡ ᠲᠠᠯ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠫᠢᠶᠣᠣ ᠪᠠᠷᠢᠮᠲᠠ ᠶᠢᠨ ᠲᠤᠯᠭᠠᠭᠤᠷᠢᠯᠠᠯ ᠢ ᠨᠢᠭᠡᠳ ᠨᠢᠭᠡ ᠪᠠᠷ ᠡᠮᠬᠢᠯᠡᠵᠦ᠂ ᠪᠦᠬᠦ ᠬᠤᠳᠠ ᠶᠢᠨ ᠨᠢᠭᠡᠳᠦᠭᠡᠷ ᠤᠯᠠᠷᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠳᠤᠮᠳᠠᠬᠢ ᠬᠦᠴᠢᠷ ᠠᠰᠠᠭᠤᠳᠠᠯ᠂ ᠲᠦᠭᠵᠢᠮᠡᠯ ᠴᠡᠭ ᠤᠨ ᠠᠰᠠᠭᠤᠳᠠᠯ ᠢ ᠡᠮᠬᠢᠯᠡᠨ ᠳᠢᠭᠯᠡᠵᠦ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠢ ᠴᠠᠭ ᠲᠤᠬᠠᠢ ᠳᠤᠨᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠬᠡᠷᠡᠭᠲᠡᠢ︔ ᠲᠥᠷᠥᠯ ᠵᠦᠢᠯ ᠢ ᠨᠥᠭᠡᠴᠡᠯᠡᠬᠦ ᠠᠵᠢᠯ ᠢ ᠬᠦᠴᠦᠯᠡᠨ ᠰᠠᠶᠢᠲᠤᠷ ᠬᠢᠵᠦ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠤᠷᠳᠤ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠠᠴᠠ ᠳᠠᠪᠠᠭᠰᠠᠨ ᠬᠦᠷᠢᠶ᠎ᠡ ᠶᠢ ᠴᠢᠩᠭ᠎ᠠ ᠠᠩᠬᠠᠷᠴᠤ᠂ ᠨᠢᠭᠡ ᠪᠦᠯᠦᠭ ᠦᠷ᠎ᠡ ᠠᠰᠢᠭ ᠢᠶᠠᠷ ᠰᠠᠶᠢᠨ᠂ ᠳᠠᠶᠢᠴᠢᠯᠠᠬᠤ ᠴᠢᠨᠠᠷ ᠢᠶᠠᠷ ᠴᠢᠩᠭ᠎ᠠ ᠲᠥᠷᠥᠯ ᠵᠦᠢᠯ ᠢ ᠤᠷᠢᠳᠴᠢᠯᠠᠨ ᠲᠥᠯᠥᠪᠯᠡᠨ ᠨᠥᠭᠡᠴᠡᠯᠡᠵᠦ᠂ ᠲᠥᠷᠥᠯ ᠵᠦᠢᠯ ᠤᠨ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠪᠠᠷ ᠭᠤᠶᠤᠴᠢᠯᠠᠨ ᠮᠡᠳᠡᠭᠦᠯᠬᠦ ᠬᠡᠷᠡᠭᠲᠡᠢ︔ ᠪᠦᠬᠦ ᠶᠠᠪᠤᠴᠠ ᠪᠠᠷ ᠲᠦᠷᠦᠯ ᠵᠦᠢᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠳᠤ᠂ ᠡᠷᠬᠡᠪᠰᠢ ︽ᠠᠵᠢᠯ ᠡᠬᠢᠯᠡᠬᠦ ᠳᠤ ᠠᠬᠤᠢ ᠲᠠᠯᠠᠪᠠᠢ ᠳᠤ ᠬᠦᠷᠴᠦ᠂ ᠪᠦᠲᠦᠭᠡᠨ ᠪᠠᠶᠢᠭᠤᠯᠬᠤ ᠳᠤ ᠠᠬᠤᠢ ᠲᠠᠯᠠᠪᠠᠢ ᠳᠤ ᠬᠦᠷᠴᠦ᠂ ᠪᠠᠷᠢᠯᠭ᠎ᠠ ᠳᠠᠭᠤᠰᠬᠤ ᠳᠤ ᠠᠬᠤᠢ ᠲᠠᠯᠠᠪᠠᠢ ᠳᠤ ᠬᠦᠷᠴᠦ︾᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠬᠡᠵᠦ ᠴᠢᠩᠭᠠᠳᠬᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1