ᠬᠤᠲᠠ ᠶᠢᠨ ᠡᠳ᠋ ᠤᠨ ᠵᠠᠰᠠᠭ ᠠᠴᠠ ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠨᠡᠶᠢᠲᠡ 2920 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠪᠠ
ᠨᠡᠶᠢᠲᠡᠯᠡᠭᠰᠡᠨ ᠴᠠᠭ᠄
2024/4/7
     ︵ᠰᠤᠷᠪᠤᠯᠵᠢᠯᠠᠭᠴᠢ ᠰᠥᠩ ᠰᠢᠶᠠᠩ ᠬᠤᠸᠠ  ᠴᠢᠮᠡᠭᠡᠯᠡᠭᠴᠢ ᠰᠥᠩ ᠵᠢᠤᠸᠠᠨ︶ ᠣᠶᠢᠯᠠᠭᠠᠭᠰᠠᠨ ᠢᠶᠠᠷ᠂ 2022 ᠣᠨ ᠠᠴᠠ ᠣᠲᠣ ᠪᠣᠯᠲᠠᠯ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠲᠠ ᠶᠢᠨ ᠲᠣᠰ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭᠠᠨ ᠤ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠳᠤ ᠨᠡᠶᠢᠲᠡ 2920 ᠲᠦᠮᠡᠨ ᠲᠥᠭᠦᠷᠢᠭ ᠲᠣᠬᠢᠷᠠᠭᠤᠯᠪᠠ᠂ ᠡᠭᠦᠨ ᠳᠤ 2022 ᠣᠨ ᠪᠠ 2023 ᠣᠨ ᠳᠤ ᠲᠣᠰ ᠲᠣᠰ 1000 ᠲᠦᠮᠡᠨ ᠲᠥᠭᠦᠷᠢᠭ ᠣᠷᠣᠭᠤᠯᠵᠤ᠂ 2024 ᠣᠨ ᠤ ᠲᠥᠰᠥᠪ ᠲᠤ ᠨᠢᠭᠡᠨᠲᠡ 920 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠲᠣᠬᠢᠷᠠᠭᠤᠯᠤᠭᠰᠠᠨ ᠪᠠᠶᠢᠨ᠎ᠠ᠃ ᠳᠡᠭᠡᠷ᠎ᠡ ᠳᠤᠷᠠᠳᠤᠭᠰᠠᠨ ᠪᠡᠯᠡ ᠮᠥᠩᠭᠦ ᠳᠤ ᠡᠳ᠋ ᠤᠨ ᠵᠠᠰᠠᠭ  ᠠᠴᠠ ᠨᠥᠬᠦᠪᠦᠷᠢ ᠥᠭᠬᠦ ᠠᠷᠭ᠎ᠠ ᠮᠠᠶ᠋ᠢᠭ ᠢ ᠠᠪᠴᠤ᠂ ᠢᠳᠡᠰᠢᠨ ᠨᠣᠭᠤᠭ᠎ᠠ ᠶᠢᠨ ᠦᠨ᠎ᠡ ᠶᠢ ᠡᠬᠢ ᠡᠭᠦᠰᠦᠯ ᠠᠴᠠ ᠨᠢ ᠪᠠᠭᠤᠷᠠᠭᠤᠯᠵᠤ᠂ ᠴᠢᠨᠠᠷ ᠰᠠᠶᠢᠲᠠᠢ᠂ ᠦᠨ᠎ᠡ ᠬᠠᠩᠰᠢ ᠶᠢᠨ ᠬᠠᠷᠠᠭᠠᠯᠵᠠᠯ ᠲᠠᠢ᠂ ᠪᠣᠬᠢᠷᠲᠤᠯ ᠦᠭᠡᠢ ᠠᠮᠤᠷ ᠲᠦᠪᠰᠢᠨ ᠢᠳᠡᠰᠢᠨ ᠨᠣᠭᠤᠭ᠎ᠠ ᠶᠢᠨ ᠪᠣᠷᠤᠯᠠᠭᠤᠯᠭ᠎ᠠ ᠶᠢᠨ ᠲᠣᠣᠷ ᠰᠦᠯᠵᠢᠶ᠎ᠡ ᠶᠢ ᠪᠠᠶᠢᠭᠤᠯᠵᠤ᠂ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠤᠨ ᠦᠷᠭᠦᠯᠵᠢᠯᠡᠨ ᠬᠥᠭᠵᠢᠬᠦ ᠶᠢ ᠠᠬᠢᠭᠤᠯᠪᠠ᠃      ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠠᠷᠠᠯᠵᠢᠶᠠᠨ ᠤ ᠪᠡᠯᠡᠳᠬᠡᠮᠵᠢ ᠶᠢ ᠲᠡᠭᠦᠯᠳᠡᠷᠵᠢᠭᠦᠯᠦᠨ᠂ ᠤᠷᠤᠨ ᠨᠤᠲᠤᠭ ᠤᠨ ᠭᠠᠷᠤᠯᠲᠠ ᠲᠠᠢ ᠢᠳᠡᠰᠢᠨ ᠨᠤᠭᠤᠭᠠᠨ ᠤ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠳᠤᠲᠠᠭᠤᠳᠠᠯ ᠢ ᠨᠥᠬᠦᠪᠦᠷᠢᠯᠡᠬᠦ ᠶᠢᠨ ᠲᠥᠯᠥᠭᠡ᠂ 2022 ᠣᠨ ᠳᠤ᠂ ᠮᠠᠨ ᠤ ᠬᠤᠲᠠ ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠨᠣᠭᠤᠭ᠎ᠠ ᠶᠢᠨ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠩᠬᠢᠨᠢ ᠪᠠᠷ ᠡᠬᠢᠯᠡᠭᠦᠯᠵᠦ᠂ ᠬᠤᠲᠠ ᠶᠢᠨ ᠵᠠᠰᠠᠭ ᠤᠨ ᠣᠷᠳᠣᠨ ᠠᠴᠠ ︽ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠨᠣᠭᠤᠭ᠎ᠠ ᠶᠢᠨ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠬᠡᠷᠡᠭᠵᠢᠭᠦᠯᠪᠡ᠃      ᠣᠳᠣᠬᠠᠨ ᠳᠤ᠂ ᠮᠠᠨ ᠤ ᠬᠤᠲᠠ ᠸᠧᠢ ᠯᠧ ᠬᠤᠶ᠂ ᠬᠤᠸᠠ ᠯᠢᠶᠠᠨ᠂ ᠢᠦᠢ ᠱᠧᠨ ᠱᠧᠩ ᠰᠢᠶᠠᠨ ᠵᠡᠷᠭᠡ ᠬᠡᠯᠬᠢᠶᠡᠨ ᠬᠡᠲᠦ ᠳᠡᠯᠭᠡᠭᠦᠷ ᠲᠤ ᠲᠦᠰᠢᠭᠯᠡᠨ ᠡᠵᠡᠩᠨᠡᠵᠦ ᠪᠠᠶᠢᠭ᠎ᠠ ᠠᠷᠠᠳ ᠲᠤ ᠠᠰᠢᠭ ᠬᠦᠷᠲᠡᠭᠡᠬᠦ ᠬᠡᠲᠦ ᠳᠡᠯᠭᠡᠭᠦᠷ᠂ ᠨᠡᠶᠢᠭᠡᠮ ᠲᠣᠭᠤᠷᠢᠭ ᠤᠨ ᠳᠡᠯᠭᠡᠭᠦᠷ᠂  ᠬᠤᠷᠢᠶᠠᠯᠠᠯ ᠤᠨ ᠳᠡᠯᠭᠡᠭᠦᠷ 241 ᠪᠠᠶᠢᠵᠤ᠂ ᠡᠵᠡᠩᠨᠡᠵᠦ ᠪᠠᠶᠢᠭ᠎ᠠ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠲᠥᠷᠥᠯ ᠵᠦᠢᠯ ᠨᠢ 20 ᠵᠦᠢᠯ ᠠᠴᠠ ᠳᠤᠲᠠᠭᠤ ᠦᠭᠡᠢ ᠮᠥᠷᠲᠡᠭᠡᠨ ᠦᠨ᠎ᠡ ᠬᠠᠩᠰᠢ ᠨᠢ ᠡᠷᠬᠢᠨ ᠲᠣᠭᠤᠷᠢᠨ ᠤ ᠳᠤᠮᠳᠠᠴᠢ ᠦᠨ᠎ᠡ ᠠᠴᠠ 20% ᠣᠷᠴᠢᠮ ᠳᠣᠣᠷ᠎ᠠ ᠪᠠᠶᠢᠨ᠎ᠠ ᠃ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭᠠᠨ ᠤ ᠳᠡᠯᠭᠡᠭᠦᠷ ᠤᠨ ᠪᠠᠶᠢᠷᠢᠯᠠᠭᠤᠯᠤᠯᠲᠠ ᠨᠢ ᠥᠷᠭᠡᠨ ᠣᠯᠠᠨ ᠰᠠᠭᠤᠭᠠᠯᠢ ᠠᠷᠠᠳ ᠤᠨ ᠭᠡᠷ ᠤᠨ ᠡᠭᠦᠳᠡᠨ ᠳᠡᠷᠭᠡᠳᠡ ᠠᠴᠠ ᠪᠠᠨ ᠴᠢᠨᠠᠷ ᠰᠠᠶᠢᠲᠠᠢ ᠪᠥᠭᠡᠳ ᠦᠨ᠎ᠡ ᠬᠢᠮᠳᠠ ᠰᠢᠨ᠎ᠡ ᠰᠣᠷᠭᠤᠭ ᠢᠳᠡᠰᠢᠨ ᠨᠣᠭᠤᠭ᠎ᠠ ᠬᠤᠳᠠᠯᠳᠤᠨ ᠠᠪᠬᠤ ᠶᠢᠨ ᠬᠠᠮᠲᠤ ᠢᠳᠡᠰᠢᠨ ᠨᠣᠭᠤᠭᠠᠨ ᠤ ᠦᠨ᠎ᠡ ᠶᠢ ᠲᠣᠭᠲᠠᠪᠤᠷᠢᠵᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1