ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠠᠷᠯᠠᠯ
ᠨᠡᠶᠢᠲᠡᠯᠡᠭᠰᠡᠨ ᠴᠠᠭ᠄
2024/4/8
     ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠢᠭᠡᠳᠦᠭᠡᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠢ ᠬᠥᠬᠡᠬᠤᠲᠠ ᠳᠤ ᠰᠠᠭᠤᠯᠭᠠᠵᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠪᠠᠷ ᠲᠣᠭᠲᠠᠪᠠ᠃      ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠢᠭᠡᠳᠦᠭᠡᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠴᠠᠭ ᠨᠢ 25 ᠡᠳᠦᠷ ᠪᠣᠯᠣᠨ᠎ᠠ᠃ ᠣᠷᠣᠵᠤ ᠰᠠᠭᠤᠬᠤ ᠬᠤᠭᠤᠴᠠᠭᠠᠨ ᠳᠤ ︵2024 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ ︱ 5 ᠳ᠋ᠤᠭᠠᠷ ᠰᠠᠷ᠎ᠠ ᠶᠢᠨ 1 ᠤ ᠡᠳᠦᠷ︶ ᠲᠤᠰᠬᠠᠢ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠤᠲᠠᠰᠤ᠄ 0471 ︱ 3386969 ︵ᠣᠯᠠᠨ ᠲᠦᠮᠡᠨ ᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ ᠡᠳᠦᠷ ᠪᠦᠷᠢ ᠶᠢᠨ 8᠄ 00 ︱ 20᠄ 00︶᠂ ᠲᠤᠰᠬᠠᠢ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ 2856 ᠳ᠋ᠤᠭᠠᠷ ᠰᠢᠤᠳᠠᠨ ᠤ ᠵᠠᠬᠢᠳᠠᠯ ᠤᠨ ᠬᠠᠶᠢᠷᠴᠠᠭ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1