ᠴᠢᠩ ᠱᠦᠢ ᠾᠧ ᠰᠢᠶᠠᠨ︽ᠪᠢᠳᠡᠨ ᠤ ᠳᠤᠷᠠᠰᠬᠠᠯ ᠤᠨ ᠡᠳᠦᠷ ᠬᠠᠩᠰᠢ ᠶᠢᠨ ᠡᠳᠦᠷ︾ ᠰᠢᠷᠢᠰ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/4/8
     ᠣᠶᠢᠷ᠎ᠠ ᠳᠤ᠂ ᠮᠠᠨ ᠤ ᠤᠯᠤᠰ ᠤᠨ ᠤᠯᠠᠮᠵᠢᠯᠠᠯᠲᠤ ᠳᠤᠷᠠᠰᠬᠠᠯ ᠤᠨ ᠡᠳᠦᠷ ᠡᠳᠦᠷ ᠬᠠᠩᠰᠢ ᠬᠦᠷᠴᠦ ᠢᠷᠡᠬᠦ ᠲᠠᠰᠢᠷᠠᠮ ᠳᠤ᠂ ᠴᠢᠩ ᠱᠦᠢ ᠾᠧ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠲᠦᠷᠦᠭᠦᠯᠡᠨ ︽ᠮᠠᠨ ᠤ ᠳᠤᠷᠠᠰᠬᠠᠯ ᠤᠨ ᠡᠳᠦᠷ· ᠬᠠᠩᠰᠢ ᠶᠢᠨ ᠡᠳᠦᠷ︾ ᠢᠶᠠᠷ ᠭᠤᠣᠯ ᠰᠡᠳᠦᠪ ᠪᠣᠯᠭᠠᠭᠰᠠᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠥᠷᠭᠡᠨ ᠤᠯᠠᠨ ᠬᠤᠳᠠ ᠶᠢᠨ ᠠᠷᠠᠳ ᠲᠤ ᠡᠯᠪᠡᠭ ᠪᠠᠶᠠᠯᠢᠭ ᠤᠯᠠᠨ ᠡᠰᠢᠲᠦ ᠬᠠᠩᠰᠢ ᠶᠢᠨ ᠰᠣᠶᠣᠯ ᠤᠨ ᠣᠶᠢᠯᠠᠭᠠᠯᠲᠠ ᠶᠢ ᠬᠠᠩᠭᠠᠵᠤ᠂ ᠬᠥᠮᠥᠰ ᠤᠨ ᠬᠠᠩᠰᠢ ᠶᠢᠨ ᠡᠳᠦᠷ ᠤᠨ ᠰᠣᠶᠣᠯ ᠤᠨ ᠠᠭᠤᠯᠤᠭᠳᠠᠬᠤᠨ ᠤ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ ᠮᠠᠨ ᠤ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠠᠬᠢᠭᠤᠯᠤᠭᠰᠠᠨ ᠪᠠᠶᠢᠨ᠎ᠠ᠃      ᠬᠤᠪᠢᠰᠬᠠᠯ ᠤᠨ ᠨᠥᠭᠴᠢᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠲᠡᠮᠡᠴᠡᠯ ᠤᠨ ᠵᠣᠷᠢᠭ ᠢ ᠬᠥᠪᠴᠢᠯᠡᠨ᠎ᠡ᠃ ᠣᠶᠢᠷ᠎ᠠ ᠳᠤ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠵᠢᠦ ᠼᠠᠢ ᠵᠤᠸᠠᠩ ᠰᠢᠶᠠᠩ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠣᠴᠢᠭᠤᠯᠤᠨ ︽ᠰᠦᠭ ᠰᠦᠨᠡᠰᠦ ᠴᠣᠭᠴᠠᠯᠠᠭᠰᠠᠨ ᠨᠢ · 2024 · ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢ ᠳᠠᠭᠢᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠥᠮᠥᠰ ᠰᠣᠷᠭᠤᠭ ᠴᠡᠴᠡᠭ ᠠᠳᠬᠤᠨ᠂ ᠦᠷᠡᠭᠳᠡᠭᠰᠡᠨ ᠪᠠᠭᠠᠲᠤᠷᠴᠤᠳ ᠪᠣᠯᠣᠨ ᠨᠠᠰᠤ ᠨᠥᠭᠴᠢᠭᠰᠡᠨ ᠲᠥᠷᠥᠯ ᠰᠠᠳᠤᠨ ᠢᠶᠠᠨ ᠭᠦᠨ ᠮᠥᠷᠥᠭᠡᠳᠦᠨ ᠰᠠᠨᠠᠭᠠᠯᠵᠠᠵᠤ ᠪᠠᠶᠢᠭ᠎ᠠ ᠰᠡᠳᠬᠢᠯᠭᠡ ᠪᠠᠨ ᠪᠣᠷᠣᠭᠵᠢᠭᠤᠨ ᠪᠥᠭᠡᠳ ᠦᠨᠡᠨᠴᠢ ᠰᠢᠳᠤᠷᠭᠤ ᠬᠡᠯᠪᠡᠷᠢ ᠪᠠᠷ ᠢᠯᠡᠳᠬᠡᠵᠡᠢ᠃ ᠺᠦᠨᠰᠢᠨ ᠨᠡᠶᠢᠭᠡᠮ ᠲᠣᠭᠤᠷᠢᠭ ᠤᠨ ᠬᠢᠨ ᠴᠡᠷᠢᠭ ᠠᠴᠠ ᠬᠠᠯᠠᠭᠳᠠᠭᠰᠠᠳ ᠭᠦᠸᠧ ᠵᠧᠨ ᠶᠧ ᠶᠢ ᠨᠡᠶᠢᠭᠡᠮ ᠲᠣᠭᠤᠷᠢᠭ ᠲᠤ ᠤᠷᠢᠨ ᠠᠪᠴᠢᠷᠠᠵᠤ ᠰᠠᠭᠤᠭᠠᠯᠢ ᠠᠷᠠᠳ ᠲᠤ ᠬᠤᠪᠢᠰᠬᠠᠯᠲᠤ ᠦᠯᠢᠭᠡᠷ ᠶᠠᠷᠢᠭᠤᠯᠵᠤ ᠂ ᠭᠦᠸᠧ ᠵᠧᠨ ᠶᠧ ᠨᠥᠬᠦᠷ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠲᠤᠬᠠᠢ ᠶᠢᠨ ᠵᠢᠯ ᠤᠨ ᠬᠤᠪᠢᠰᠬᠠᠯᠲᠤ ᠲᠡᠮᠡᠴᠡᠯ ᠤᠨ ᠦᠯᠢᠭᠡᠷ ᠢ ᠭᠦᠨ ᠰᠡᠳᠬᠢᠯᠭᠡ ᠲᠠᠢ ᠪᠠᠷ ᠶᠠᠷᠢᠵᠤ᠂ ᠥᠪᠡᠷ ᠤᠨ ᠥᠩᠭᠡᠷᠡᠯᠲᠡ᠂ ᠨᠥᠯᠥᠭᠡᠯᠡᠬᠦ ᠬᠦᠴᠦᠨ ᠲᠠᠢ ᠦᠭᠡ ᠶᠠᠷᠢᠶ᠎ᠠ ᠪᠠᠷ ᠢᠶᠠᠨ ᠤᠯᠠᠨ ᠳᠤ ᠲᠤᠬᠠᠢ ᠶᠢᠨ ᠵᠢᠯ ᠤᠨ ᠲᠡᠦᠬᠡ ᠶᠢ ᠳᠠᠬᠢᠨᠲᠠ ᠢᠯᠡᠷᠡᠭᠦᠯᠵᠦ᠂ ᠬᠥᠮᠥᠰ ᠢ ᠦᠷᠡᠭᠳᠡᠭᠰᠡᠨ ᠪᠠᠭᠠᠲᠤᠷᠴᠤᠳ ᠤᠨ ᠭᠡᠷᠢᠶᠡᠰ ᠵᠣᠷᠢᠭ ᠢ ᠵᠠᠯᠭᠠᠮᠵᠢᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠡᠷᠡᠮᠡᠬᠡᠶᠢᠯᠡᠨ ᠤᠷᠤᠭᠰᠢᠯᠠᠬᠤ ᠶᠢ ᠵᠣᠷᠢᠭᠵᠢᠭᠤᠯᠪᠠ᠃ ᠶᠦᠩ ᠠᠨ ᠨᠡᠶᠢᠭᠡᠮ ᠲᠣᠭᠤᠷᠢᠭ ᠲᠤ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠢ ᠵᠢᠯᠣᠭᠤᠳᠤᠨ ᠥᠪᠡᠷ ᠤᠨ ᠳᠤᠷᠠᠲᠠᠢ ᠴᠠᠭᠠᠰᠤᠨ ᠰᠢᠪᠠᠭᠤᠨ ᠤ ᠬᠡᠯᠪᠡᠷᠢ ᠮᠠᠶ᠋ᠢᠭ ᠢ ᠰᠣᠩᠭᠤᠵᠤ ᠴᠠᠭᠠᠰᠤᠨ ᠰᠢᠪᠠᠭᠤ ᠦᠢᠯᠡᠳᠦᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠬᠠᠩᠰᠢ ᠶᠢᠨ ᠡᠳᠦᠷ ᠤᠨ ᠢᠷᠡᠯᠲᠡ ᠶᠢ ᠣᠶᠢᠯᠠᠭᠠᠭᠤᠯᠬᠤ ᠶᠢᠨ ᠬᠠᠮᠲᠤ ᠬᠠᠩᠰᠢ ᠶᠢᠨ ᠡᠳᠦᠷ ᠤᠨ ᠤᠯᠠᠮᠵᠢᠯᠠᠯᠲᠤ ᠵᠠᠩ ᠦᠶᠯᠡ ᠶᠢᠨ ᠠᠵᠢᠯᠯᠠᠭ᠎ᠠ ᠶᠢ ᠣᠶᠢᠯᠠᠭᠠᠭᠤᠯᠵᠤ᠂ ᠣᠯᠠᠨ ᠤ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠠᠭᠠᠬᠤ ᠤᠷᠮ᠎ᠠ ᠶᠢ ᠤᠯᠠᠮ ᠨᠢᠭᠡ ᠠᠯᠬᠤᠮ ᠬᠥᠭᠵᠢᠭᠡᠵᠡᠢ᠃      ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠵᠠᠩ ᠳᠠᠳᠬᠠᠯ ᠢ ᠥᠭᠡᠷᠡᠴᠢᠯᠡᠬᠦ ᠶᠠᠪᠤᠳᠠᠯ ᠢ ᠲᠦᠯᠬᠢᠨ ᠠᠬᠢᠭᠤᠯᠤᠨ᠎ᠠ᠃ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ︽ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠬᠤ︾ᠰᠢᠷᠢᠰ ᠠᠵᠢᠯᠯᠠᠭ᠎ᠠ ᠶᠢ ᠡᠷᠬᠢᠯᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ︽ᠴᠡᠴᠡᠭ ᠡᠪᠡᠰᠦᠨ ᠤ ᠶᠢᠷᠲᠢᠨᠴᠦ ᠶᠢᠨ ᠬᠠᠪᠤᠷ ᠤᠨ ᠴᠠᠭ︾ᠭᠡᠬᠦ ᠮᠤᠰᠬᠢᠭᠤᠷ ᠰᠢᠳᠠᠮ ᠢ ᠦᠢᠯᠡᠳᠬᠦ᠂︽ᠬᠠᠪᠤᠷ ᠤᠨ ᠡᠳᠦᠷ ᠤᠨ ᠲᠠᠩᠰᠤᠭ ᠴᠠᠭ︾ ᠢ ᠨᠠᠩᠭᠢ ᠰᠢᠷᠣᠢ ᠪᠠᠷ ᠲᠤᠭᠤᠷ ᠤᠨ ᠴᠡᠴᠡᠭ ᠢ ᠴᠢᠮᠬᠢᠬᠦ᠂︽ᠤᠷᠢᠬᠠᠨ ᠰᠠᠯᠬᠢᠨ ᠳᠤ ᠪᠠᠶᠠᠷ ᠬᠦᠷ ᠢ ᠬᠦᠷᠭᠡᠬᠦ︾ᠦᠨᠦᠷᠲᠦ ᠬᠠᠪᠲᠠᠭ᠎ᠠ᠂︽ᠦᠨᠳᠦᠰᠦᠲᠡᠨ ᠨᠦᠭᠦᠳ ᠨᠢᠭᠡ ᠭᠡᠷ ᠢᠶᠠᠷ ᠢᠶᠠᠨ ᠬᠠᠮᠲᠤ ᠪᠠᠷ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ︾ᠭᠠᠷ ᠤᠷᠠᠯᠠᠯ ᠤᠨ ᠡᠪᠬᠡᠮᠡᠯ ᠳᠡᠪᠢᠭᠦᠷ ᠵᠡᠷᠭᠡ ᠤᠳᠤᠮᠰᠢᠯ ᠤᠨ ᠪᠤᠰᠤ ᠤᠳᠤᠮᠰᠢᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢ ᠥᠷᠨᠢᠭᠦᠯᠵᠡᠢ᠃ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠪᠠᠭ᠎ᠠ ᠰᠤᠷᠭᠠᠭᠤᠯᠢ ᠨᠤᠭᠤᠳ ᠢ ᠵᠢᠯᠣᠭᠤᠳᠤᠨ ᠭᠤᠣᠯ ᠰᠡᠳᠦᠪᠲᠦ ᠤᠯᠤᠰ ᠤᠨ ᠲᠤᠭ ᠮᠠᠨᠳᠤᠭᠤᠯᠬᠤ ᠶᠣᠰᠣᠯᠠᠯ ᠡᠷᠬᠢᠯᠡᠬᠦ᠂ ᠰᠦᠯᠵᠢᠶᠡᠨ ᠳᠡᠭᠡᠷ᠎ᠡ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ᠂ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠶᠢ ᠰᠣᠨᠢᠷᠬᠠᠬᠤ᠂ ᠬᠤᠪᠢᠰᠬᠠᠯ ᠤᠨ ᠦᠯᠢᠭᠡᠷ ᠢ ᠶᠠᠷᠢᠬᠤ ᠵᠢᠴᠢ ᠰᠠᠮᠪᠠᠷ᠎ᠠ ᠶᠢᠨ ᠰᠣᠨᠢᠨ ᠪᠢᠴᠢᠬᠦ᠂ ᠬᠠᠭᠤᠯᠤᠮᠠᠯ ᠰᠣᠨᠢᠨ ᠪᠢᠴᠢᠬᠦ ᠵᠡᠷᠭᠡ ᠬᠡᠯᠪᠡᠷᠢ ᠪᠠᠷ ᠥᠷᠭᠡᠨ ᠤᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠪᠠ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠡᠬᠡᠯᠡᠨ ᠬᠢᠬᠠᠬᠤ ᠶᠢ ᠡᠰᠡᠷᠭᠦᠴᠡᠬᠦ ᠳᠤᠮᠳᠠ ᠠᠩᠭᠢ ᠶᠢᠨ ᠠᠷᠠᠳ ᠤᠨ ᠴᠠᠭᠳᠠᠭ᠎ᠠ ᠴᠧᠩ ᠭᠤᠸᠠᠨ ᠪᠠᠯᠭᠠᠰᠤᠨ ᠤ ᠶᠦᠩ ᠠᠨ ᠨᠡᠶᠢᠭᠡᠮ ᠲᠣᠭᠤᠷᠢᠭ ᠲᠤ ᠬᠦᠷᠴᠦ ︽ᠦᠨᠡᠨᠴᠢ ᠢᠲᠡᠭᠡᠮᠵᠢ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠵᠤ ᠮᠡᠬᠡᠯᠡᠨ ᠬᠢᠬᠠᠬᠤ ᠶᠢ ᠡᠰᠡᠷᠭᠦᠴᠡᠬᠦ ᠰᠠᠭᠤᠷᠢ ᠶᠢ ᠪᠠᠲᠤ ᠴᠣᠭᠴᠠᠯᠠᠬᠤ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠳ ᠲᠤ ᠬᠠᠤᠯᠢ ᠴᠠᠭᠠᠵᠠ ᠶᠢ ᠰᠡᠳᠬᠢᠯ ᠳᠡᠭᠡᠨ ᠮᠡᠳᠡᠵᠦ᠂ ᠬᠠᠤᠯᠢ ᠴᠠᠭᠠᠵᠠ ᠶᠢ ᠬᠡᠷᠡᠭᠵᠢᠭᠦᠯᠬᠦ ᠳᠡᠭᠡᠨ ᠴᠢᠳᠠᠮᠠᠭᠠᠢ ᠪᠣᠯᠭᠠᠵᠠᠢ᠃ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠩᠰᠢ ᠶᠢᠨ ᠡᠳᠦᠷ ᠠᠴᠠ ᠡᠮᠦᠨᠡᠬᠢ ᠣᠷᠣᠰᠢᠭᠤᠯᠭ᠎ᠠ ᠶᠢᠨ ᠬᠡᠷᠡᠭᠰᠡᠯ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠣᠷᠣᠰᠢᠭᠤᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠣᠶ ᠪᠣᠯᠭᠠᠪᠠ᠃      ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠪᠣᠯᠪᠠᠰᠤᠨ ᠳᠠᠬᠢᠯᠭ᠎ᠠ ᠶᠢ ᠰᠠᠨᠠᠭᠠᠴᠢᠯᠠᠨ᠎ᠠ᠃ ᠰᠢᠶᠠᠨ ᠤ ᠬᠠᠮ ᠵᠠᠭᠤᠴᠢᠯᠠᠭᠤᠷ ᠤᠨ ᠲᠥᠪ︽ᠠᠮᠢᠵᠢᠷᠠᠯ ᠤᠨ ᠬᠦᠴᠦᠨ ᠲᠠᠢ ᠴᠢᠩ ᠱᠦᠢ ᠾᠧ ᠭᠤᠣᠯ︾ᠭᠡᠬᠦ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠭᠤᠣᠯᠯᠠᠨ ᠨᠡᠪᠲᠡᠷᠡᠭᠦᠯᠬᠦ ᠪᠢᠴᠢᠯ ᠸᠢᠳᠢᠤ᠋ ᠨᠡᠶᠢᠲᠡᠯᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠷᠦᠯ ᠤᠨ ᠪᠢᠴᠢᠯ ᠣᠬᠤᠷ ᠵᠦᠴᠦᠭᠡ ᠶᠢ ᠵᠣᠬᠢᠶᠠᠨ ᠪᠦᠲᠦᠭᠡᠵᠦ᠂ ᠪᠠᠭᠠᠲᠤᠷᠴᠤᠳ ᠢ ᠡᠷᠬᠢᠮᠯᠡᠬᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠪᠠ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠠᠮᠲᠤᠷᠠᠨ ︽ᠠᠮᠢᠵᠢᠷᠠᠯ ᠤᠨ ᠬᠦᠴᠦᠨ ᠪᠦᠬᠦᠢ ᠴᠢᠩ ᠱᠦᠢ ᠾᠧ ᠭᠤᠣᠯ︾ ᠭᠡᠬᠦ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ︽ᠪᠣᠬᠢᠷᠲᠤᠯ ᠦᠭᠡᠢ ᠬᠠᠩᠰᠢ ᠶᠢᠨ ᠪᠣᠯᠪᠠᠰᠤᠨ ᠤ ᠳᠠᠬᠢᠯᠭ᠎ᠠ︾ ᠶᠢᠨ ᠰᠠᠨᠠᠭᠠᠴᠢᠯᠠᠭ᠎ᠠ ᠶᠢᠨ ᠪᠢᠴᠢᠭ ᠢ ᠨᠡᠶᠢᠲᠡᠯᠡᠪᠡ᠃ ᠪᠦᠬᠦ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ᠂ ᠪᠣᠯᠪᠠᠰᠤᠨ ᠢᠶᠠᠷ ᠳᠠᠬᠢᠯᠭ᠎ᠠ ᠬᠢᠬᠦ᠂ ᠪᠣᠯᠪᠠᠰᠤᠨ ᠢᠶᠠᠷ ᠶᠠᠪᠤᠵᠤ ᠰᠠᠭᠤᠬᠤ ᠶᠢ ᠦᠢᠯᠡᠳᠦᠯᠭᠡᠵᠢᠭᠦᠯᠬᠦ᠂ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠬᠤ᠂ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠬᠦ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠬᠤ᠂ ᠭᠠᠵᠠᠷ ᠰᠢᠷᠣᠢ ᠳᠤ ᠠᠮᠢ ᠠᠬᠤᠢ ᠶᠢᠨ ᠣᠷᠣᠰᠢᠭᠤᠯᠭ᠎ᠠ ᠵᠡᠷᠭᠡ ᠶᠢ ᠰᠠᠨᠠᠭᠠᠴᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠬᠡ ᠲᠡᠭᠷᠢ ᠴᠠᠭᠠᠨ ᠡᠭᠦᠯᠡ ᠶᠢ ᠰᠠᠬᠢᠨ ᠬᠠᠮᠠᠭᠠᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠵᠤ᠂ ᠪᠣᠬᠢᠷᠲᠤᠯ ᠦᠭᠡᠢ᠂ ᠪᠣᠯᠪᠠᠰᠤᠨ᠂ ᠡᠶ᠎ᠡ ᠵᠣᠬᠢᠴᠠᠯ ᠲᠠᠢ ᠬᠠᠩᠰᠢ ᠶᠢᠨ ᠡᠳᠦᠷ ᠢ ᠬᠠᠮᠲᠤ ᠪᠠᠷ ᠥᠩᠭᠡᠷᠡᠭᠦᠯᠦᠨ᠎ᠡ᠃      ᠲᠣᠰ ᠤᠳᠠᠭᠠᠨ ᠤ ︽ᠮᠠᠨ ᠤ ᠪᠠᠶᠠᠷ ᠤᠨ ᠡᠳᠦᠷ · ᠬᠠᠩᠰᠢ ᠶᠢᠨ ᠡᠳᠦᠷ︾ ᠤᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠭᠰᠡᠨ ᠨᠢ ᠴᠢᠩ ᠱᠦᠢ ᠾᠧ ᠰᠢᠶᠠᠨ ᠤ ᠰᠢᠯᠢᠳᠡᠭ ᠤᠯᠠᠮᠵᠢᠯᠠᠯᠲᠤ ᠰᠣᠶᠣᠯ ᠢ ᠴᠢᠬᠤᠯᠠᠴᠢᠯᠠᠨ ᠬᠠᠮᠠᠭᠠᠯᠠᠵᠤ ᠪᠠᠶᠢᠬᠤ ᠶᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ᠂ ᠪᠠᠰᠠ ᠥᠷᠭᠡᠨ ᠣᠯᠠᠨ ᠬᠤᠲᠠ ᠶᠢᠨ ᠠᠷᠠᠳ ᠲᠤ ᠬᠠᠩᠰᠢ ᠶᠢᠨ ᠡᠳᠦᠷ ᠲᠤ ᠠᠭᠤᠯᠤᠭᠳᠠᠵᠤ ᠪᠠᠶᠢᠭ᠎ᠠ ᠠᠴᠢᠯᠠᠯᠲᠤ ᠶᠣᠰᠣᠨ ᠤ ᠵᠣᠷᠢᠭ ᠰᠠᠨᠠᠭ᠎ᠠ ᠪᠠ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠮᠡᠳᠡᠷᠡᠭᠦᠯᠵᠦ᠂ ᠪᠣᠯᠪᠠᠰᠤᠨ ᠬᠤᠲᠠ ᠶᠢ ᠪᠦᠲᠦᠭᠡᠨ ᠪᠠᠶᠢᠭᠤᠯᠬᠤ᠂ ᠠᠭᠤᠯᠠᠨ ᠬᠤᠲᠠ ᠶᠢᠨ ᠰᠣᠶᠣᠯ ᠤᠨ ᠠᠭᠤᠯᠬᠤᠨ ᠢ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠬᠢᠨ ᠡᠨᠡᠬᠦ ᠲᠦᠷᠦᠯ ᠤᠨ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠪᠣᠯᠣᠨ ᠨᠡᠩ ᠶᠡᠭᠡ ᠨᠥᠯᠥᠭᠡᠯᠡᠬᠦ ᠬᠦᠴᠦᠨ ᠲᠠᠢ ᠲᠦᠷᠦᠯ ᠲᠡᠮᠳᠡᠭ ᠤᠨ ᠰᠣᠶᠣᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠴᠢᠷᠮᠠᠶᠢᠨ ᠡᠭᠦᠳᠴᠦ᠂ ᠨᠡᠩ ᠤᠯᠠᠨ ᠬᠥᠮᠥᠰ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠡᠩᠨᠡᠭᠡ ᠳᠤ ᠣᠷᠣᠯᠴᠠᠭᠤᠯᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1