ᠴᠢᠩ ᠱᠦᠢ ᠾᠧ ᠰᠢᠶᠠᠨ ᠤ ᠴᠧᠩ ᠭᠤᠸᠠᠨ ᠲᠣᠮᠢᠯᠠᠭᠰᠠᠨ ᠰᠠᠯᠪᠤᠷᠢ᠄ ᠰᠢᠨ᠎ᠡ ᠴᠠᠭ ᠦᠶ᠎ᠡ ᠶᠢᠨ︽ᠹᠥ᠋ᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ ᠬᠠᠷᠢᠶ᠎ᠠ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/8
     ᠴᠢᠩ ᠱᠦᠢ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠧᠩ ᠭᠤᠸᠠᠨ ᠲᠣᠮᠢᠯᠠᠭᠰᠠᠨ ᠰᠠᠯᠪᠤᠷᠢ ᠰᠢᠨ᠎ᠡ ᠴᠠᠭ ᠦᠶ᠎ᠡ ᠶᠢᠨ ︽ᠹᠥ᠋ᠩᠴᠢᠶᠤᠤ ᠶᠢᠨ ᠲᠤᠷᠰᠢᠯᠭ᠎ᠠ︾ ᠶᠢ ᠢᠮᠠᠭᠲᠠ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠥᠷᠢᠴᠡᠯ ᠵᠠᠭᠤᠷᠠᠯᠳᠤᠭᠠᠨ ᠤ ᠡᠬᠢ ᠡᠭᠦᠰᠦᠯ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠡᠯ᠎ᠡ ᠲᠦᠷᠦᠯ ᠤᠨ ᠵᠥᠷᠢᠴᠡᠯ ᠵᠠᠭᠤᠷᠠᠯᠳᠤᠭᠠᠨ ᠢ ᠴᠤᠬᠤᠶᠢᠵᠤ ᠪᠠᠶᠢᠭ᠎ᠠ ᠦᠶ᠎ᠡ ᠳᠤᠨᠢ ᠪᠠᠶᠢᠴᠠᠭᠠᠨ ᠰᠢᠢᠳᠪᠦᠷᠢᠯᠡᠬᠦ ᠪᠠᠷ ᠴᠢᠷᠮᠠᠶᠢᠵᠤ᠂ ᠨᠡᠶᠢᠭᠡᠮ ᠤᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠬᠠᠷᠢᠶ᠎ᠠ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠪᠠ᠃ ᠣᠶᠢᠷ᠎ᠠ ᠳᠤ᠂ᠴᠧᠩ ᠭᠤᠸᠠᠨ ᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠪᠠᠷᠢᠯᠭ᠎ᠠ ᠶᠢᠨ ᠠᠵᠢᠯ ᠳᠠᠭᠠᠨ ᠪᠣᠯᠭᠤᠮᠵᠢ ᠦᠭᠡᠢ ᠪᠠᠷ ᠭᠠᠵᠠᠷ ᠰᠢᠷᠣᠢ ᠡᠵᠡᠯᠡᠭᠰᠡᠨ ᠠᠴᠠ ᠪᠣᠯᠤᠭᠰᠠᠨ ᠵᠥᠷᠢᠴᠡᠯ ᠵᠢᠭᠤᠷᠠᠯᠳᠤᠭᠠᠨ ᠢ ᠠᠮᠵᠢᠯᠲᠠᠲᠠᠢ ᠰᠢᠢᠳᠪᠦᠷᠢᠯᠡᠭᠡᠳ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃      2024 ᠣᠨ ᠤ 3 ᠳ᠋ᠤᠭᠠᠷ ᠰᠠᠷ᠎ᠠ ᠶᠢᠨ ᠰᠡᠭᠦᠯᠴᠢ ᠪᠠᠷ᠂ ᠬᠠᠷᠢᠶ᠎ᠠ ᠣᠷᠣᠨ ᠤ ᠨᠢᠭᠡᠨ ᠪᠠᠷᠢᠯᠭ᠎ᠠ ᠶᠢᠨ ᠠᠩᠭᠢ  ᠨᠢ ᠪᠠᠷᠢᠯᠭ᠎ᠠ ᠪᠠᠷᠢᠬᠤ ᠳᠠᠭᠠᠨ ᠬᠢᠴᠢᠶᠡᠮᠵᠢ ᠦᠭᠡᠢ ᠠᠴᠠ ᠪᠣᠯᠵᠤ ᠯᠢ ᠣᠪᠣᠭᠲᠤ ᠶᠢᠨ ᠭᠡᠷ ᠤᠨ ᠭᠠᠵᠠᠷ ᠰᠢᠷᠣᠢ ᠶᠢ ᠡᠵᠡᠯᠡᠨ ᠬᠡᠷᠡᠭᠯᠡᠪᠡ᠂ ᠬᠤᠶᠠᠷ ᠲᠠᠯ᠎ᠠ ᠪᠠᠷ ᠢᠶᠠᠨ ᠭᠠᠵᠠᠷ ᠡᠵᠡᠯᠡᠬᠦ ᠠᠰᠠᠭᠤᠳᠠᠯ ᠠᠴᠠ ᠪᠣᠯᠵᠤ ᠵᠢᠭᠤᠷᠠᠯᠳᠤᠭᠠᠨ ᠡᠭᠦᠰᠴᠦ᠂ ᠪᠠᠷᠢᠯᠭ᠎ᠠ ᠶᠢᠨ ᠠᠵᠢᠯ ᠢ ᠵᠣᠭᠰᠣᠩᠭᠢᠷᠠᠭᠤᠯᠵᠠᠢ᠃ ᠬᠤᠶᠠᠷ ᠲᠠᠯ᠎ᠠ ᠶᠢᠨ ᠵᠥᠷᠢᠴᠡᠯ ᠢ ᠠᠯᠢ ᠲᠦᠷᠭᠡᠨ ᠢᠶᠠᠷ ᠠᠷᠢᠯᠭᠠᠵᠤ᠂ ᠤᠯᠠᠨ ᠲᠦᠮᠡᠨ ᠢ ᠬᠠᠪᠰᠤᠷᠤᠨ ᠬᠤᠬᠢᠷᠠᠯ ᠢ ᠨᠢ ᠡᠭᠡᠭᠦᠯᠦᠨ ᠠᠪᠴᠢᠷᠠᠬᠤ ᠶᠢᠨ ᠬᠠᠮᠲᠤ ᠪᠠᠷᠢᠯᠭ᠎ᠠ ᠶᠢᠨ ᠠᠩᠭᠢ ᠶᠢᠨ ᠬᠡᠪ ᠤᠨ ᠪᠠᠷᠢᠯᠭ᠎ᠠ ᠶᠢᠨ ᠠᠵᠢᠯ ᠢ ᠬᠠᠪᠰᠤᠷᠬᠤ ᠶᠢᠨ ᠲᠥᠯᠥᠭᠡ᠂ ᠬᠤᠳᠠ ᠶᠢᠨ ᠪᠣᠭᠤᠮᠲᠠ ᠶᠢᠨ ᠲᠣᠮᠢᠯᠠᠭᠰᠠᠨ ᠰᠠᠯᠪᠤᠷᠢ ᠲᠡᠷᠡ ᠳᠠᠷᠤᠢ ᠳᠤᠨᠢ ᠡᠶᠡᠳᠡᠭᠦᠯᠬᠦ ᠳᠤ ᠣᠷᠣᠯᠴᠠᠪᠠ᠃      ᠡᠶᠡᠳᠡᠭᠦᠯᠭᠡ ᠶᠢᠨ ᠲᠤᠬᠠᠢ ᠶᠢᠨ ᠲᠠᠯᠠᠪᠤᠷ ᠲᠤ᠂ ᠠᠷᠠᠳ ᠤᠨ ᠴᠠᠭᠳᠠᠭ᠎ᠠ ᠲᠣᠰᠬᠤᠨ ᠤ ᠠᠷᠠᠳ ᠤᠨ ᠤᠷᠮ᠎ᠠ ᠰᠡᠳᠬᠢᠯᠭᠡ ᠶᠢ ᠲᠠᠰᠤᠷᠠᠯᠲᠠ ᠦᠭᠡᠢ ᠲᠠᠶᠢᠳᠬᠤᠷᠠᠭᠤᠯᠵᠤ᠂ ᠲᠣᠰ ᠲᠣᠰ ᠬᠠᠤᠯᠢ ᠴᠠᠭᠠᠵᠠ ᠬᠢᠭᠡᠳ ᠶᠣᠰᠣ ᠮᠣᠷᠠᠯ ᠤᠨ ᠲᠠᠯ᠎ᠠ ᠠᠴᠠ ᠢᠳᠬᠠᠨ ᠵᠢᠯᠤᠭᠤᠳᠴᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠲᠣᠳᠣᠷᠬᠠᠢ ᠵᠢᠭᠠᠭᠰᠠᠨ ᠪᠠᠶᠢᠨ᠎ᠠ᠃ ᠡᠭᠦᠨ ᠤ ᠬᠠᠮᠲᠤ ᠬᠤᠶᠠᠷ ᠲᠠᠯ᠎ᠠ ᠶᠢᠨ ᠬᠦᠰᠡᠯ ᠱᠠᠭᠠᠷᠳᠠᠯᠭ᠎ᠠ ᠲᠠᠢ ᠤᠶᠠᠯᠳᠤᠭᠤᠯᠤᠨ ᠰᠢᠢᠳᠪᠦᠷᠢᠯᠡᠬᠦ ᠲᠥᠰᠥᠯ ᠳᠤᠷᠠᠳᠴᠤ᠂ ᠬᠤᠶᠠᠷ ᠲᠠᠯ᠎ᠠ ᠶᠢᠨ ᠰᠠᠨᠠᠯ ᠢ ᠦᠨᠳᠦᠰᠦᠯᠡᠨ ᠴᠠᠭ ᠲᠤᠬᠠᠢ ᠳᠤᠨᠢ ᠲᠥᠰᠥᠯ ᠳᠤ ᠲᠣᠬᠢᠷᠠᠭᠤᠯᠤᠯᠲᠠ ᠬᠢᠪᠡ᠃ ᠠᠷᠠᠳ ᠤᠨ ᠴᠠᠭᠳᠠᠭ᠎ᠠ ᠬᠦᠯᠢᠴᠡᠩᠭᠦᠢ ᠪᠠᠷ ᠡᠶᠡᠳᠡᠭᠦᠯᠬᠦ ᠪᠠᠷ ᠳᠡᠮᠵᠢᠨ᠂ ᠡᠴᠦᠰ ᠲᠡᠭᠡᠨ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠴᠦ᠂ ᠭᠠᠷ ᠠᠳᠬᠤᠨ ᠡᠶᠡᠳᠡᠪᠡ᠃ ᠣᠳᠣᠬᠠᠨ ᠳᠤ ᠪᠠᠷᠢᠯᠭ᠎ᠠ ᠶᠢᠨ ᠠᠵᠢᠯ ᠤᠨ ᠡᠮᠬᠢ ᠵᠢᠷᠤᠮ ᠨᠢᠭᠡᠨᠲᠡ ᠬᠡᠪ ᠤᠨ ᠪᠠᠶᠢᠳᠠᠯ ᠳᠠᠭᠠᠨ ᠣᠷᠣᠪᠠ᠃
     ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠴᠧᠩ ᠭᠤᠸᠠᠨ ᠤ ᠲᠣᠮᠢᠯᠠᠭᠰᠠᠨ ᠰᠠᠯᠪᠤᠷᠢ ᠶᠢᠨ ᠬᠢᠨ ᠶᠡᠭᠡ ᠬᠠᠶᠢᠷ᠎ᠠ ᠰᠡᠳᠬᠢᠯᠭᠡ ᠪᠠᠷ ᠤᠯᠠᠨ ᠲᠦᠮᠡᠨ ᠤ ︽ᠪᠠᠭ᠎ᠠ︾ᠴᠠᠭᠳᠠᠭ᠎ᠠ ᠶᠢᠨ ᠪᠠᠶᠢᠳᠠᠯ ᠢ ᠠᠩᠬᠠᠷᠴᠤ᠂ ᠤᠯᠠᠨ ᠲᠦᠮᠡᠨ ᠤ ᠭᠡᠷ ᠤᠨ  ᠳᠣᠲᠣᠷᠠᠬᠢ ᠪᠠᠭ᠎ᠠ ᠰᠠᠭ᠎ᠠ ᠵᠠᠭᠤᠷᠠᠯᠳᠤᠭᠠᠨ ᠢ ︽ᠬᠡᠷᠡᠭ ᠤᠨ ᠲᠦᠷᠦᠭᠦᠦ︾ᠳᠡᠭᠡᠷ᠎ᠡ ᠳᠡᠯᠭᠡᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠪᠣᠯᠣᠨ ᠵᠥᠷᠢᠴᠡᠯ ᠵᠠᠭᠤᠷᠠᠯᠳᠤᠭᠠᠨ ᠢ ᠡᠷᠲᠡ ᠢᠯᠡᠷᠡᠭᠦᠯᠵᠦ᠂ ᠪᠠᠭ᠎ᠠ ᠳᠡᠭᠡᠷ᠎ᠡ ᠨᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1