ᠴᠢᠩ ᠱᠦᠢ ᠾᠧ ᠰᠢᠶᠠᠨ ᠤ ᠬᠢᠨ ᠬᠠᠩᠰᠢ ᠶᠢᠨ︽ᠭᠠᠯ ᠢ ᠰᠡᠷᠭᠡᠶᠢᠯᠡᠬᠦ ᠪᠣᠭᠤᠮᠲᠠ︾ ᠶᠢ ᠴᠢᠩᠭ᠎ᠠ ᠰᠠᠬᠢᠵᠤ ᠠᠮᠤᠷ ᠲᠦᠪᠰᠢᠨ ᠤ︽ᠭᠠᠯ ᠢ ᠰᠡᠷᠭᠡᠶᠢᠯᠡᠬᠦ ᠬᠡᠷᠡᠮ︾  ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/4/9
     ᠬᠠᠪᠤᠷ ᠲᠤ ᠡᠪᠡᠰᠦ ᠨᠣᠭᠤᠭᠠᠷᠠᠵᠤ᠂ ᠬᠠᠩᠰᠢ ᠶᠢᠨ ᠡᠳᠦᠷ ᠤᠨ ᠲᠠᠬᠢᠯᠭ᠎ᠠ ᠬᠢᠳᠡᠭ᠃ ᠬᠠᠩᠰᠢ ᠶᠢᠨ ᠬᠤᠭᠤᠴᠠᠭᠠᠨ ᠳᠠᠬᠢ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠭᠠᠯ ᠤᠨ ᠠᠶᠤᠯ ᠭᠠᠷᠬᠤ ᠶᠢ ᠪᠦᠲᠦᠮᠵᠢᠲᠡᠶ ᠪᠠᠷ ᠰᠡᠷᠭᠡᠶᠢᠯᠡᠨ ᠬᠤᠷᠢᠭᠯᠠᠬᠤ ᠶᠢᠨ ᠲᠤᠰᠠᠳᠠ᠂ ᠴᠢᠩ ᠱᠦᠢ ᠾᠧ ᠰᠢᠶᠠᠨ ᠤ ᠬᠢᠨ ᠬᠠᠩᠰᠢ ᠶᠢᠨ ︽ᠭᠠᠯ ᠢ ᠰᠡᠷᠭᠡᠶᠢᠯᠡᠬᠦ ᠪᠣᠭᠤᠮᠲᠠ︾ ᠶᠢ ᠴᠢᠩᠭ᠎ᠠ ᠠᠳᠬᠤᠵᠤ᠂ ᠠᠮᠤᠷ ᠲᠦᠪᠰᠢᠨ ᠤ ︽ᠭᠠᠯ ᠢ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠵᠤ᠂ ᠢᠳᠡᠪᠬᠢᠲᠡᠢ ᠪᠠᠷ ᠠᠯᠢ ᠣᠯᠠᠨ ᠠᠷᠭ᠎ᠠ ᠬᠡᠮᠵᠢᠶ᠎ᠡ ᠠᠪᠴᠤ᠂ ᠡᠯ᠎ᠡ ᠨᠢᠭᠡᠴᠡ ᠶᠢᠨ ᠤᠳᠤᠷᠢᠳᠬᠤ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠭᠠᠯ ᠰᠡᠷᠭᠡᠶᠢᠯᠡᠬᠦ ᠨᠢᠭᠡᠳᠦᠭᠡᠷ ᠹᠷᠣᠨᠲ ᠲᠤ ᠪᠠᠭᠤᠯᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢ ᠲᠣᠰᠬᠤᠨ ᠨᠢᠭᠡᠪᠦᠷᠢ᠂ ᠳᠤᠭᠤᠶᠢᠯᠠᠩ ᠨᠢᠭᠡᠪᠦᠷᠢ᠂ ᠠᠭᠤᠯᠠᠨ ᠣᠷᠣᠢ ᠨᠢᠭᠡᠪᠦᠷᠢ᠂ ᠪᠣᠭᠤᠮᠲᠠ ᠨᠢᠭᠡᠪᠦᠷᠢ ᠳᠤ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠲᠡᠷᠭᠡ ᠬᠥᠰᠬᠡ ᠶᠢᠨ ᠠᠭᠤᠯᠠᠨ ᠳᠤ ᠣᠷᠣᠬᠤ ᠶᠢ ᠳᠠᠩᠰᠠᠯᠠᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠴᠠᠭᠠᠰᠤ ᠯᠠ ᠵᠡᠷᠭᠡ ᠲᠠᠬᠢᠯᠭ᠎ᠠ ᠶᠢᠨ ᠬᠡᠷᠡᠭᠰᠡᠯ ᠢ ᠲᠦᠷ ᠦᠯᠡᠳᠡᠭᠡᠵᠦ᠂ ᠵᠣᠷᠢᠭᠤᠳᠠ ᠣᠶ ᠰᠢᠭᠤᠢ ᠶᠢᠨ ᠭᠠᠯ ᠤᠨ ᠠᠶᠤᠯ ᠡᠭᠦᠰᠬᠦ ᠶᠢ ᠡᠬᠢ ᠡᠭᠦᠰᠦᠯ ᠠᠴᠠ ᠨᠢ ᠵᠣᠭᠰᠤᠭᠠᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠣᠶ ᠰᠢᠭᠤᠢ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠪᠥᠬᠦ ᠡᠳᠦᠷ ᠢᠶᠠᠷ ᠢᠶᠠᠨ ᠠᠭᠤᠯᠠ ᠶᠢ ᠲᠣᠭᠤᠷᠢᠨ ᠪᠠᠶᠢᠴᠠᠭᠠᠬᠤ ᠬᠥᠮᠥᠨ ᠲᠠᠢ᠂ ᠣᠶ ᠰᠢᠭᠤᠢ ᠶᠢ ᠬᠠᠮᠠᠭᠠᠯᠠᠬᠤ ᠬᠥᠮᠥᠨ ᠲᠠᠢ᠂ ᠭᠠᠯ ᠢ ᠬᠠᠮᠢᠶᠠᠷᠬᠤ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠪᠠ᠃      2024 ᠣᠨ ᠤ 4 ᠳ᠋ᠦ᠋ᠭᠡᠷ ᠰᠠᠷ᠎ᠠ ᠶᠢᠨ 3  ᠤ ᠡᠳᠦᠷ ᠠᠴᠠ 4 ᠳ᠋ᠦ᠋ᠭᠡᠷ ᠰᠠᠷ᠎ᠠ ᠶᠢᠨ 6  ᠤ ᠡᠳᠦᠷ ᠪᠣᠯᠲᠠᠯ᠎ᠠ᠂ ᠴᠢᠩ ᠱᠦᠢ ᠾᠧ ᠰᠢᠶᠠᠨ ᠤ ᠬᠢᠨ ᠡᠯ᠎ᠡ ᠲᠦᠷᠦᠯ ᠤᠨ ᠲᠣᠭᠤᠷᠢᠨ ᠪᠠᠶᠢᠴᠠᠭᠠᠬᠤ ᠲᠣᠭᠤᠷᠢᠨ ᠬᠠᠮᠠᠭᠠᠯᠠᠬᠤ ᠬᠥᠮᠥᠰ ᠢ ᠨᠡᠶᠢᠳᠡ 7496 ᠬᠥᠮᠥᠨ ᠤᠳᠠᠭ᠎ᠠ ᠵᠣᠬᠢᠶᠠᠨ ᠪᠠᠶᠢᠭᠤᠯᠪᠠ᠂ ᠡᠭᠦᠨ ᠳᠤ ᠤᠢ ᠬᠠᠮᠠᠭᠠᠯᠠᠭᠴᠢ 1654 ᠬᠥᠮᠥᠨ ᠤᠳᠠᠭ᠎ᠠ᠂ ᠰᠢᠶᠠᠨ ᠰᠢᠶᠠᠩ ᠲᠣᠰᠬᠤᠨ ᠤ ᠲᠡᠰ ᠤᠨ ᠺᠠᠳ᠋ᠷ 5842 ᠬᠥᠮᠥᠨ ᠤᠳᠠᠭ᠎ᠠ᠂ ᠡᠯ᠎ᠡ ᠵᠦᠢᠯ ᠤᠨ ᠲᠡᠷᠭᠡ 1825 ᠶᠢ ᠬᠥᠳᠡᠯᠭᠡᠵᠦ᠂ ᠪᠠᠶᠢᠴᠠᠭᠠᠬᠤ ᠦᠷᠳᠡᠭᠡ ᠶᠢᠨ ᠪᠣᠭᠤᠮᠲᠠ 291 ᠶᠢ ᠲᠣᠬᠢᠷᠠᠭᠤᠯᠵᠤ᠂ 7739 ᠬᠥᠮᠥᠨ ᠤᠳᠠᠭ᠎ᠠ ᠶᠢ ᠪᠠᠶᠢᠴᠠᠭᠠᠨ ᠪᠦᠷᠢᠳᠬᠡᠵᠦ᠂ ᠲᠦᠢᠮᠡᠷ ᠤᠨ ᠲᠦᠷᠦᠯ ᠢ 517 ᠬᠤᠷᠢᠶᠠᠨ ᠠᠪᠴᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ 409 ᠬᠥᠮᠥᠨ ᠢ ᠢᠳᠬᠠᠨ ᠬᠤᠷᠢᠭᠯᠠᠭᠰᠠᠨ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1