ᠬᠥᠬᠡᠬᠤᠲᠠ ᠶᠢᠨ 2024 ᠣᠨ ᠤ ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠴᠢᠳᠠᠪᠤᠷᠢᠲᠠᠨ ᠤᠷᠢᠬᠤ ᠲᠤᠰᠬᠠᠢ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/4/9
      ︵ᠰᠤᠷᠪᠤᠯᠵᠢᠯᠠᠭᠴᠢ ᠰᠢᠦᠢ ᠲᠢᠩ︶  4 ᠳ᠋ᠦ᠋ᠭᠡᠷ ᠰᠠᠷ᠎ᠠ ᠶᠢᠨ 8 ᠤ ᠡᠳᠦᠷ᠂ ᠬᠥᠬᠡᠬᠤᠲᠠ ᠶᠢᠨ 2024 ᠣᠨ ᠤ ᠲᠠᠪᠤᠨ ᠲᠦᠮᠡᠨ ᠣᠶᠤᠲᠠᠨ ᠤ ᠬᠥᠬᠡᠬᠤᠲᠠ ᠳᠤ  ᠦᠯᠡᠳᠡᠭᠡᠬᠦ ᠴᠢᠳᠠᠪᠤᠷᠢᠲᠠᠨ ᠤᠷᠢᠬᠤ ᠲᠤᠰᠬᠠᠢ ᠠᠵᠢᠯᠯᠠᠭ᠎ᠠ ᠶᠢᠨ ᠠᠩᠬᠠᠨ ᠤ ᠲᠠᠯᠠᠪᠤᠷ ᠤᠬᠠᠭᠤᠯᠤᠨ ᠲᠠᠨᠢᠯᠴᠠᠭᠤᠯᠬᠤ ᠬᠤᠷᠠᠯ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠶᠠᠪᠤᠭᠳᠠᠵᠤ᠂ ᠥᠷᠭᠡᠨ ᠣᠯᠠᠨ ᠡᠷᠳᠡᠮᠲᠡᠨ ᠴᠢᠳᠠᠪᠤᠷᠢᠲᠠᠨ ᠢ ᠬᠥᠬᠡ ᠬᠤᠲᠠ ᠶᠢᠨ ᠪᠤᠯᠵᠤᠭᠠᠨ ᠳᠤ ᠤᠷᠢᠪᠠ᠃       ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠣᠤ ᠢᠦᠢ ᡂᠢ ᠤᠬᠠᠭᠤᠯᠤᠨ ᠲᠠᠨᠢᠯᠴᠠᠭᠤᠯᠬᠤ ᠬᠤᠷᠠᠯ ᠳᠤ ᠣᠷᠣᠯᠴᠠᠭᠰᠠᠨ ᠪᠥᠭᠡᠳ ᠬᠥᠬᠡᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠬᠥᠭᠵᠢᠯᠲᠡ ᠪᠣᠯᠣᠨ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠵᠡᠷᠭᠡ ᠲᠠᠯ᠎ᠠ ᠪᠠᠷ ᠬᠤᠳᠠ ᠪᠠᠨ ᠤᠬᠠᠭᠤᠯᠤᠨ ᠲᠠᠨᠢᠯᠴᠠᠭᠤᠯᠵᠠᠢ᠃      ᠣᠶᠢᠯᠠᠭᠠᠭᠰᠠᠨ ᠢᠶᠠᠷ᠂ ᠬᠥᠬᠡᠬᠤᠲᠠ ᠶᠢᠨ 2024 ᠣᠨ ᠤ ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠴᠢᠳᠠᠪᠤᠷᠢᠲᠠᠨ ᠤᠷᠢᠬᠤ ᠲᠤᠰᠬᠠᠢ ᠠᠵᠢᠯᠯᠠᠭ᠎ᠠ ᠶᠢ ᠤᠷᠢᠳ ᠬᠤᠵᠢᠳ ᠭᠢᠷᠢᠨ ᠶᠡᠭᠡ ᠰᠤᠷᠭᠠᠭᠤᠯᠢ᠂ ᠳ᠋ᠠᠯᠢᠶᠠᠨ ᠤ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠶᠡᠭᠡ ᠰᠤᠷᠭᠠᠭᠤᠯᠢ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠯᠠᠨᠵᠧᠦ ᠶᠡᠭᠡ ᠰᠤᠷᠭᠠᠭᠤᠯᠢ ᠵᠡᠷᠭᠡ ᠨᠠᠷᠠᠲᠤ ᠶᠡᠭᠡ ᠳᠡᠭᠡᠳᠦ ᠰᠤᠷᠭᠠᠭᠤᠯᠢ ᠳᠤ ᠤᠬᠠᠭᠤᠯᠤᠨ ᠲᠠᠨᠢᠯᠴᠠᠭᠤᠯᠵᠤ᠂ ᠬᠥᠬᠡᠬᠤᠲᠠ ᠳᠤ ᠢᠷᠡᠵᠦ ᠬᠦᠭᠵᠢᠬᠦ ᠰᠠᠨᠠᠭ᠎ᠠ ᠲᠠᠢ ᠰᠢᠯᠢᠳᠡᠭ ᠰᠣᠷᠣᠭᠴᠢ ᠳᠤ 1041 ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠪᠠ 8965 ᠠᠵᠤ ᠠᠬᠤᠶᠢᠯᠠᠯ ᠤᠨ ᠠᠵᠢᠯ ᠤᠨ ᠪᠠᠶᠢᠷᠢ ᠬᠠᠩᠭᠠᠬᠤ ᠪᠣᠯᠣᠨ᠎ᠠ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1