ᠣᠶᠤᠲᠠᠳ ᠤᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠬᠠᠮᠢᠶᠠᠷᠤᠯᠲᠠ ᠪᠠ | ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮᠰᠠᠶᠢᠵᠢᠷᠠᠭᠤᠯᠵᠤ᠂ ᠪᠠᠷᠠᠭᠤᠨ ᠣᠷᠣᠨ ᠤ ᠲᠥᠯᠥᠪᠯᠡᠭᠡ ᠶᠢᠨ | ᠲᠥᠷᠥᠯ ᠵᠦᠢᠯ ᠤᠨ ᠠᠯᠪᠠᠨ ᠭᠡᠷ ᠪᠣᠯᠣᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠬᠤᠭᠤᠷᠣᠨᠳᠣᠬᠢ | ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠵᠤ᠂ ᠨᠢᠭᠲᠠᠷᠠᠯ ᠤᠨ ᠬᠦᠴᠦᠨ ᠪᠠ ᠬᠠᠷᠢᠶᠠᠯᠠᠭᠳᠠᠬᠤ ᠰᠡᠳᠬᠢᠯᠭᠡ ᠪᠠᠨ | ᠲᠠᠰᠤᠷᠠᠯᠲᠠ ᠦᠭᠡᠢ ᠴᠢᠩᠭᠠᠳᠬᠠᠵᠤ᠂ ᠰᠠᠶᠢᠨ ᠳᠤᠷ᠎ᠠ ᠶᠢᠨ ᠠᠵᠢᠯᠯᠠᠭᠴᠢᠳ ᠤᠨ ᠦᠨᠳᠦᠰᠦᠨ ᠱᠠᠲᠤᠨ ᠳᠤ | ᠭᠦᠨᠵᠡᠭᠡᠶᠢᠷᠡᠬᠦ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠬᠦ᠂ ᠰᠠᠶᠢᠨ ᠳᠤᠷ᠎ᠠ ᠠᠴᠠ ᠪᠠᠨ ᠬᠤᠪᠢ | ᠨᠡᠮᠡᠷᠢ ᠦᠵᠡᠭᠦᠯᠬᠦ᠂ ᠬᠠᠷᠢᠯᠴᠠᠨ ᠬᠠᠪᠰᠤᠷᠤᠯᠴᠠᠨ ᠲᠠᠪᠰᠢᠬᠤ᠂ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠶᠢ | ᠬᠥᠲᠥᠯᠥᠨ ᠵᠢᠯᠤᠭᠤᠳᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠡᠪᠯᠡᠯ ᠤᠨ ᠬᠤᠷᠢᠶ᠎ᠠ ᠶᠢᠨ ᠪᠠᠷᠠᠭᠤᠨ ᠣᠷᠣᠨ ᠤ ᠲᠥᠯᠥᠪᠯᠡᠭᠡ ᠶᠢᠨ ᠲᠦᠷᠦᠯ ᠵᠦᠢᠯ ᠤᠨ ᠠᠯᠪᠠᠨ ᠭᠡᠷ ᠤᠨ ᠡᠷᠬᠢᠯᠡᠭᠴᠢ᠂ | ᠥᠪᠥᠷ ᠮᠣᠩᠭᠤᠯ ᠤᠨ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠤᠨ ᠨᠠᠷᠢᠨ ᠪᠢᠴᠢᠭ ᠤᠨ | ᠳᠠᠷᠤᠭ᠎ᠠ ᠶᠠᠩ ᠭᠦᠸᠧ ᠴᠢ ᠨᠠᠷ ᠴᠢᠩ ᠱᠦᠢ ᠾᠧ ᠰᠢᠶᠠᠨ ᠳᠤ ᠬᠦᠷᠴᠦ ᠪᠠᠷᠠᠭᠤᠨ ᠣᠷᠣᠨ ᠤ ᠲᠥᠯᠥᠪᠯᠡᠭᠡ ᠶᠢᠨ | ᠰᠠᠶᠢᠨ ᠳᠤᠷ᠎ᠠ ᠶᠢᠨ ᠠᠵᠢᠯᠯᠠᠭᠴᠢᠳ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ | ᠶᠠᠷᠢᠯᠴᠠᠬᠤ ᠬᠤᠷᠠᠯ ᠳᠡᠭᠡᠷ᠎ᠡ᠂ ᠰᠠᠶᠢᠨ ᠳᠤᠷ᠎ᠠ ᠶᠢᠨ ᠠᠵᠢᠯᠯᠠᠭᠴᠢᠳ ᠥᠪᠡᠷ ᠤᠨ ᠥᠩᠭᠡᠷᠡᠯᠲᠡ ᠲᠠᠢ ᠪᠠᠨ | ᠤᠶᠠᠯᠳᠤᠭᠤᠯᠵᠤ᠂ ᠠᠵᠢᠯ ᠤᠨ ᠪᠠᠶᠢᠷᠢ ᠶᠢᠨ ᠪᠣᠳᠠᠲᠠᠢ ᠳᠠᠭᠠᠨ ᠰᠠᠭᠤᠷᠢᠯᠠᠨ ᠰᠠᠨᠠᠯ ᠢᠶᠠᠨ ᠰᠣᠯᠢᠯᠴᠠᠵᠤ᠂ ᠴᠢᠩ ᠱᠦᠢ | ᠾᠧ ᠰᠢᠶᠠᠨ ᠤ ᠲᠤᠬᠠᠢ ᠥᠪᠡᠷ ᠤᠨ ᠰᠠᠭᠤᠭᠳᠠᠯ ᠪᠣᠯᠣᠨ ᠰᠠᠶᠢᠨ ᠳᠤᠷ᠎ᠠ ᠶᠢᠨ ᠦᠢᠯᠡᠴᠢᠯᠡᠭᠡᠨ ᠤ | ᠬᠤᠭᠤᠴᠠᠭᠠᠨ ᠳᠠᠬᠢ ᠣᠯᠣᠯᠲᠠ ᠲᠥᠷᠥᠭᠳᠡᠯ ᠢᠶᠠᠨ ᠬᠤᠪᠢᠶᠠᠯᠴᠠᠵᠠᠢ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ | ᠰᠠᠶᠢᠨ ᠳᠤᠷ᠎ᠠ ᠶᠢᠨ ᠠᠵᠢᠯᠯᠠᠭᠴᠢ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠳᠡᠳᠡᠨ ᠤ ᠦᠨᠡᠨ ᠪᠣᠳᠠᠲᠠᠢ | ᠪᠤᠳᠤᠯ ᠢ ᠣᠶᠢᠯᠠᠭᠠᠵᠤ᠂ ᠦᠵᠡᠯ ᠰᠠᠨᠠᠭᠠᠨ ᠤ ᠲᠠᠯ᠎ᠠ ᠪᠠᠷ ᠢᠳᠡᠪᠬᠢᠲᠡᠢ ᠰᠡᠬᠡᠭᠡᠷᠡᠭᠦᠯᠵᠦ᠂ ᠠᠵᠢᠯ ᠤᠨ ᠲᠠᠯ᠎ᠠ ᠪᠠᠷ ᠬᠢ | ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠠᠮᠢᠳᠤᠷᠠᠯ ᠤᠨ ᠳᠤᠮᠳᠠᠬᠢ ᠵᠣᠷᠢᠭᠵᠢᠭᠤᠯᠤᠯ ᠳᠡᠮᠵᠢᠯᠭᠡ ᠶᠢ ᠢᠳᠡᠪᠬᠢᠲᠡᠢ | ᠥᠷᠨᠢᠭᠦᠯᠵᠡᠢ᠃ | ᠬᠤᠷᠠᠯ ᠠᠴᠠ ᠰᠠᠶᠢᠨ ᠳᠤᠷ᠎ᠠ ᠶᠢᠨ ᠠᠵᠢᠯᠯᠠᠭᠰᠠᠳ ᠢ ᠪᠡᠶ᠎ᠡ ᠳᠡᠭᠡᠨ ᠢᠲᠡᠭᠡᠯ ᠲᠠᠢ᠂ ᠥᠪᠡᠷ ᠢ ᠪᠠᠨ | ᠬᠦᠴᠦᠷᠬᠡᠭᠵᠢᠭᠦᠯᠬᠦ ᠪᠠ ᠪᠡᠶ᠎ᠡ ᠪᠠᠨ ᠱᠠᠭᠠᠷᠳᠠᠬᠤ ᠵᠠᠯᠠᠭᠤᠴᠤᠳ ᠪᠣᠯᠵᠤ᠂ ᠪᠠᠷᠠᠭᠤᠨ ᠣᠷᠣᠨ ᠤ ᠲᠥᠯᠥᠪᠯᠡᠭᠡ ᠳᠤ | ᠣᠷᠣᠯᠴᠠᠬᠤ ᠤᠭ ᠰᠠᠨᠠᠭ᠎ᠠ ᠪᠠᠨ ᠦᠯᠦ ᠮᠠᠷᠲᠠᠵᠤ᠂ ᠰᠢᠷᠭᠠᠭᠤ ᠰᠤᠷᠤᠯᠴᠠᠵᠤ᠂ ᠴᠢᠷᠮᠠᠶᠢᠨ ᠲᠡᠮᠡᠴᠡᠵᠦ᠂ ᠰᠠᠬᠢᠯᠭ᠎ᠠ | ᠪᠠᠲᠤ ᠶᠢ ᠰᠠᠬᠢᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠬᠠᠮᠲᠤ ᠥᠪᠡᠷ ᠢ ᠪᠠᠨ ᠳᠠᠪᠲᠠᠨ ᠪᠣᠯᠪᠠᠰᠤᠷᠠᠭᠤᠯᠵᠤ᠂ | ᠥᠪᠡᠷ ᠢ ᠪᠠᠨ ᠳᠠᠪᠠᠵᠤ᠂ ᠠᠮᠢᠳᠤᠷᠠᠬᠤᠢ ᠶᠢᠨ ᠦᠷᠳᠡᠭ ᠢᠶᠠᠨ ᠪᠡᠶᠡᠯᠡᠭᠦᠯᠬᠦ ᠶᠢ ᠵᠣᠷᠢᠭᠵᠢᠭᠤᠯᠪᠠ᠃ | ᠴᠢᠩ ᠱᠦᠢ ᠾᠧ ᠰᠢᠶᠠᠨ ᠤ ᠬᠢᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ | ᠠᠵᠢᠯᠯᠠᠭᠴᠢ ᠶᠢᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠠᠯᠠᠭᠤᠴᠤᠳ ᠤᠨ ᠰᠡᠳᠬᠢᠯ ᠤᠨ | ᠦᠭᠡ ᠶᠢ ᠰᠣᠨᠣᠰᠴᠤ᠂ ᠵᠠᠯᠠᠭᠤᠴᠤᠳ ᠤᠨ ᠬᠦᠰᠡᠯ ᠪᠤᠳᠤᠯ ᠢ ᠣᠶᠢᠯᠠᠭᠠᠵᠤ᠂ ᠦᠨᠳᠦᠰᠦᠨ ᠱᠠᠲᠤᠨ ᠳᠤ ᠴᠢᠷᠮᠠᠶᠢᠨ | ᠠᠵᠢᠯᠯᠠᠵᠤ ᠪᠠᠶᠢᠭ᠎ᠠ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢ ᠬᠠᠮᠠᠭᠠᠯᠠᠵᠤ᠂ ᠲᠡᠳᠡᠨ ᠤ ᠬᠠᠷᠢᠶᠠᠯᠠᠭᠳᠠᠬᠤ | ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠵᠠᠯᠠᠭᠤᠴᠤᠳ ᠢ ᠬᠥᠲᠥᠯᠥᠨ ᠳᠠᠭᠠᠭᠤᠯᠵᠤ ᠦᠷᠭᠦᠯᠵᠢᠯᠡᠨ | ᠦᠨᠳᠦᠰᠦᠨ ᠱᠠᠲᠤᠨ ᠳᠤ ᠭᠠᠪᠢᠶ᠎ᠠ ᠪᠠᠶᠢᠭᠤᠯᠤᠨ ᠴᠢᠳᠠᠪᠤᠷᠢᠲᠠᠨᠪᠣᠯᠭᠠ᠊ ᠬᠤ ᠪᠣᠯᠣᠨ᠎ᠠ᠃ |