ᠦᠨᠡᠨᠴᠢ ᠢᠲᠡᠭᠡᠮᠵᠢᠲᠡᠢ ᠪᠠᠷ ᠳᠦᠷᠢ ᠲᠥᠷᠬᠦ ᠪᠠᠨ ᠦᠵᠡᠭᠦᠯᠦᠨ ᠰᠢᠨ᠎ᠡ ᠪᠠᠶᠢᠳᠠᠯ ᠢ ᠨᠡᠭᠡᠭᠡᠨ᠎ᠡ — ᠴᠢᠩ ᠱᠦᠢ ᠾᠧ ᠰᠢᠶᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/10
     ᠰᠢ ᠶᠢᠨ ᠫᠢᠩ ᠶᠡᠷᠦᠩᠬᠡᠢ ᠱᠦᠵᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠢᠷᠢᠰ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 8 ᠤ ᠡᠳᠦᠷ᠂ ᠴᠢᠩ ᠱᠦᠢ ᠾᠧ ᠰᠢᠶᠠᠨ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃      ᠬᠤᠷᠠᠯ ᠠᠴᠠ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠵᠡᠷᠭᠡ ᠲᠦᠷᠪᠡᠨ ᠬᠦᠷᠢᠶᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ ᠡᠭᠦᠷᠭᠡ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠬᠤ ᠶᠢᠨ ᠬᠠᠮᠲᠤ ᠳᠠᠷᠠᠭᠠᠴᠢ ᠶᠢᠨ ᠠᠯᠬᠤᠮ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠬᠡᠷᠬᠢᠨ ᠰᠠᠶᠢᠲᠤᠷ ᠥᠷᠨᠢᠭᠦᠯᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠴᠢᠭᠬᠤᠯᠠᠴᠢᠯᠭᠰᠠᠨ ᠨᠢ᠂ ᠡᠯ᠎ᠡ ᠰᠠᠯᠠᠭ᠎ᠠ ᠮᠥᠴᠢᠷ ᠤᠨ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠦᠴᠦᠲᠡᠢ ᠭᠠᠷᠳᠠᠴᠠ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠨ ᠠᠷᠠᠳ ᠲᠦᠮᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠢ ᠲᠠᠨᠢᠯᠲᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠠᠵᠢᠯ ᠤᠨ ᠳᠤᠮᠳᠠᠬᠢ ᠣᠨᠴᠠᠯᠢᠭ ᠲᠠᠢ ᠬᠢᠯᠠᠰ ᠴᠡᠭ ᠢ ᠭᠦᠨᠵᠡᠭᠡᠢ ᠠᠭᠤᠳᠠᠯᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢᠨ ᠣᠨᠣᠪᠴᠢᠲᠤ ᠴᠢᠨᠠᠷ᠂ ᠬᠤᠭᠤᠴᠠᠭᠠᠲᠤ ᠴᠢᠨᠠᠷ ᠪᠠ ᠲᠤᠰᠬᠠᠢ ᠮᠡᠷᠭᠡᠵᠢᠯ ᠤᠨ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠷᠤᠭᠰᠢ ᠬᠥᠭᠵᠢᠬᠦ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1