ᠮᠥᠩᠭᠦᠨ ᠭᠦᠢᠯᠭᠡᠭᠡ ᠠᠮᠢᠳᠤᠯᠢᠭ ᠪᠣᠯᠪᠠᠯ ᠠᠵᠤ ᠦᠢᠯᠡᠰ ᠮᠠᠨᠳᠤᠵᠤ᠂ ᠠᠵᠤ ᠦᠢᠯᠡᠰ ᠬᠦᠴᠦᠷᠬᠡᠭᠵᠢᠪᠡᠯ | ᠮᠥᠩᠭᠦᠨ ᠭᠦᠢᠯᠭᠡᠭᠡ ᠬᠦᠴᠦᠷᠬᠡᠭᠵᠢᠨ᠎ᠡ᠃ 5 ᠳ᠋ᠤᠭᠠᠷ ᠰᠠᠷ᠎ᠠ ᠶᠢᠨ 9 ᠤ ᠡᠳᠦᠷ᠂ ᠴᠢᠩ ᠱᠦᠢ ᠾᠧ ᠰᠢᠶᠠᠨ | ᠵᠠᠰᠠᠭ ᠤᠨ ᠣᠷᠳᠣᠨ ᠪᠠ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠶᠠᠷᠢᠯᠴᠠᠬᠤ ᠬᠤᠷᠠᠯ ᠵᠢᠴᠢ ᠪᠠᠩᠬᠢ ᠪᠠ | ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ | ᠬᠤᠷᠠᠯᠳᠤᠭᠤᠯᠵᠤ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠤᠷᠤᠰᠬᠠᠯ ᠤᠨ ︽ᠡᠴᠦᠰ ᠤᠨ ᠨᠢᠭᠡ ᠺᠢᠯᠤᠮᠥᠲᠷ︾ | ᠢ ᠴᠢᠨᠠᠭᠰᠢᠳᠠ ᠨᠠᠪᠲᠠᠷᠡᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢᠨ ᠪᠡᠯᠡ ᠬᠤᠷᠠᠮᠳᠤᠭᠤᠯᠬᠤ ᠬᠦᠴᠢᠷ | ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠵᠦ᠂ ᠪᠦᠬᠦ ᠰᠢᠶᠠᠨ ᠤ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ᠃ | | | | | ᠴᠢᠩ ᠱᠦᠢ ᠾᠧ ᠰᠢᠶᠠᠨ ᠤ ᠬᠤᠯᠪᠣᠭᠠᠲᠤ ᠬᠤᠷᠰᠢᠶ᠎ᠠ ᠵᠡᠷᠭᠡ 6 ᠮᠥᠩᠭᠦᠨ ᠭᠦᠢᠯᠭᠡᠭᠡᠨ ᠤ ᠪᠠᠶᠢᠭᠤᠯᠤᠮᠵᠢ | ᠪᠣᠯᠣᠨ ᠥᠪᠥᠷ ᠮᠣᠩᠭᠤᠯ ᠤᠨ ᠵᠦᠩ ᠴᠢᠩ ᠤᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠡᠷᠭᠡ | ᠠᠵᠤ ᠠᠬᠤᠶᠢᠯᠠᠯ ᠤᠨ ᠲᠥᠯᠥᠭᠡᠯᠡᠭᠴᠢ ᠲᠤᠰ ᠲᠤᠰ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠤᠯᠤᠰ ᠤᠨ ᠮᠥᠩᠭᠦᠨ | ᠭᠦᠢᠯᠭᠡᠭᠡᠨ ᠤ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠡᠯ᠎ᠡ ᠠᠵᠤ ᠠᠬᠤᠶᠢᠯᠠᠯ ᠤᠨ ᠣᠳᠣᠬᠠᠨ ᠤ | ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠡᠮᠬᠢᠯᠡᠵᠦ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠣᠯᠣᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠬᠤ᠂ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠰᠠᠨᠠᠯ ᠰᠠᠨᠠᠭᠤᠯᠭ᠎ᠠ ᠶᠢ ᠳᠤᠷᠠᠳᠴᠠᠢ᠃ ᠡᠯ᠎ᠡ ᠪᠠᠩᠬᠢ ᠨᠢ ᠲᠣᠰ ᠲᠣᠰ | ᠡᠯ᠎ᠡ ᠠᠵᠤ ᠠᠬᠤᠶᠢᠯᠠᠯ ᠲᠠᠢ ᠭᠡᠷ᠎ᠡ ᠲᠣᠭᠲᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤᠨᠢ ᠵᠣᠯᠭᠠᠭᠤᠯᠪᠠ᠃ | ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠦᠷᠭᠦᠯᠵᠢᠯᠡᠨ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠬᠠᠷᠢᠯᠴᠠᠨ ᠬᠥᠳᠡᠯᠦᠯᠴᠡᠬᠦ ᠮᠡᠳᠡᠭᠡ ᠵᠠᠩᠭᠢ ᠶᠢᠨ ᠰᠣᠯᠢᠯᠴᠠᠭᠠᠨ ᠤ ᠲᠠᠪᠴᠠᠩ ᠢ | ᠪᠠᠶᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠴᠢᠨᠠᠭᠰᠢᠳᠠ ᠰᠢᠯᠤᠭᠤᠳᠬᠠᠵᠤ᠂ | ᠪᠦᠬᠦ ᠲᠠᠯ᠎ᠠ ᠶᠢᠨ᠂ ᠤᠷᠳᠤ ᠬᠤᠭᠤᠴᠠᠭᠠᠨ ᠤ᠂ ᠲᠣᠭᠲᠠᠭᠤᠨ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠶᠢᠭᠤᠯᠬᠤ ᠪᠠᠷ | ᠳᠠᠮᠵᠢᠭᠤᠯᠵᠤ᠂ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠲᠠᠰᠤᠷᠠᠯᠳᠡ ᠦᠭᠡᠢ | ᠭᠦᠨᠵᠡᠭᠡᠶᠢᠷᠡᠭᠦᠯᠵᠦ᠂ ᠬᠠᠷᠢᠯᠴᠠᠨ ᠬᠠᠪᠰᠤᠷᠤᠯᠴᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠠᠵᠤ | ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠦᠴᠢᠷᠳᠡᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠵᠦ᠂ ᠬᠠᠷᠢᠯᠴᠠᠨ | ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ᠃ ᠵᠠᠰᠠᠭ ᠪᠠᠩᠬᠢ ᠠᠵᠤ ᠠᠬᠤᠶᠢᠯᠠᠯ ᠤᠨ ᠰᠠᠶᠢᠨ | ᠰᠠᠶᠢᠬᠠᠨ ᠰᠢᠨ᠎ᠡ ᠣᠷᠴᠢᠨ ᠲᠣᠭᠤᠷᠢᠨ ᠢ ᠪᠣᠶ ᠪᠣᠯᠭᠠᠵᠤ᠂ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃ | ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠪᠤᠰᠤᠳ ᠵᠢᠵᠢᠭ ᠪᠢᠴᠢᠯ ᠠᠵᠤ | ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ᠂ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |