ᠴᠢᠩ ᠱᠦᠢ ᠾᠧ ᠰᠢᠶᠠᠨ᠄ ᠰᠢᠨᠵᠢᠯᠡᠬᠦ ᠤᠬᠠᠭᠠᠨ ᠮᠡᠷᠭᠡᠵᠢᠯ ᠢᠶᠠᠷ ︽ᠣᠶᠤᠨᠲᠤ ᠬᠦᠯᠡᠮᠵᠢ︾ ᠳᠤ ᠡᠨᠧᠷᠭᠢ ᠣᠯᠭᠤᠵᠤ ᠲᠠᠷᠢᠶᠠᠯᠠᠩ ᠤᠨ ᠥᠨᠳᠥᠷ ᠪᠦᠲᠦᠮᠵᠢᠲᠡᠶ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/5/11
     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠴᠢᠩ ᠱᠦᠢ ᠾᠧ ᠰᠢᠶᠠᠨ ᠤ  ᠬᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ ᠶᠢ ᠠᠬᠢᠭᠤᠯᠵᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠦᠢᠯᠡᠳᠦᠯᠭᠡ ᠶᠢᠨ ᠳᠤᠮᠳᠠ᠂ ᠲᠥᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠤᠯᠠᠷᠢᠯ ᠤᠨ ᠵᠥᠷᠢᠶ᠎ᠡ᠂ ᠴᠠᠭ ᠤᠨ ᠵᠥᠷᠢᠶ᠎ᠡ ᠶᠢ ᠤᠷᠠᠨ ᠢᠶᠠᠷ ᠬᠢᠵᠦ᠂ ᠲᠥᠬᠦᠭᠡᠷᠦᠮᠵᠢᠲᠦ ᠲᠠᠷᠢᠶᠠᠯᠠᠩ ᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠤᠶᠤᠨᠵᠢᠭᠤᠯᠬᠤ ᠲᠡᠰᠢ ᠬᠥᠭᠵᠢᠭᠦᠯᠬᠦ ᠶᠢ ᠠᠬᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃      ᠴᠢᠩ ᠱᠦᠢ ᠾᠧ ᠰᠢᠶᠠᠨ ᠤ ᠾᠦᠨ ᠾᠧ ᠲᠠᠨ ᠳᠤ ᠬᠦᠷᠬᠦ ᠳᠤ᠂ ᠰᠢᠨ᠎ᠡ ᠪᠠᠷ ᠪᠠᠶᠢᠭᠤᠯᠤᠭᠰᠠᠨ ᠪᠠᠷᠢᠮᠵᠢᠶ᠎ᠠ ᠪᠠᠷ ᠥᠨᠳᠥᠷ᠂ ᠬᠡᠪᠴᠢᠶ᠎ᠡ ᠦᠷ᠎ᠡ ᠠᠰᠢᠭ ᠢᠶᠠᠷ ᠰᠠᠶᠢᠨ ᠨᠡᠷᠡᠨ ᠤ ᠭᠡᠷᠡᠯ ᠤᠨ ᠬᠦᠯᠡᠮᠵᠢ ᠶᠢᠨ ᠬᠦᠯᠡᠮᠵᠢ ᠨᠦᠭᠦᠳ ᠭᠠᠵᠠᠷ ᠳᠡᠭᠡᠷ᠎ᠡ ᠵᠢᠭᠰᠠᠪᠠ᠃ ᠬᠦᠯᠡᠮᠵᠢ ᠳᠤ ᠣᠷᠣᠬᠤ ᠳᠤ᠂ ᠳᠤᠯᠠᠭᠠᠨ ᠠᠭᠤᠷ ᠠᠮᠢᠰᠬᠤᠯ ᠠᠴᠠ ᠭᠠᠳᠠᠨ᠎ᠠ᠂ ᠰᠢᠪᠠᠷ ᠰᠢᠷᠣᠢ ᠶᠢᠨ ᠦᠨᠦᠷ ᠴᠦ ᠥᠭᠡᠳᠡ ᠠᠴᠠ ᠨᠢ ᠲᠤᠰᠴᠤ᠂ ᠬᠠᠷᠠᠬᠤ ᠳᠤ ᠦᠵᠦᠮ᠂ ᠨᠡᠷᠡᠰ ᠵᠡᠷᠭᠡ ᠵᠢᠮᠢᠰ ᠨᠣᠭᠤᠭ᠎ᠠ ᠨᠣᠭᠤᠭᠠᠨ ᠪᠠᠷ ᠪᠢᠯᠬᠠᠵᠤ᠂ ᠤᠷᠭᠤᠯᠲᠠ ᠶᠢᠨ ᠪᠠᠶᠢᠳᠠᠯ ᠬᠥᠮᠥᠨ ᠤ ᠰᠡᠳᠬᠢᠯ ᠢ ᠪᠠᠶᠠᠰᠬᠠᠨ᠎ᠠ᠃      ᠨᠢᠳᠤᠨᠤᠨ ᠠᠴᠠ ᠨᠠᠰᠢ᠂ ᠪᠢᠳᠡ ︽ᠵᠠᠰᠠᠭ ᠤᠨ ᠣᠷᠳᠣᠨ + ᠤᠯᠤᠰ ᠤᠨ ᠥᠮᠴᠢᠯᠡᠯ ᠤᠨ ᠺᠣᠮᠫᠠᠨᠢ + ᠬᠥᠲᠥᠴᠢ ᠠᠵᠤ ᠠᠬᠤᠶᠢᠯᠠᠯ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ᠂ ᠬᠠᠭᠤᠴᠢᠨ ᠢ ᠵᠠᠳᠠᠯᠵᠤ ᠰᠢᠨ᠎ᠡ ᠣᠶᠤᠨᠲᠤ ᠨᠡᠷᠡᠨ ᠬᠡᠷᠡᠯ ᠤᠨ ᠬᠦᠯᠡᠮᠵᠢ ᠪᠠᠶᠢᠭᠤᠯᠵᠤ᠂ 178 ᠰᠠᠭᠤᠷᠢ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠣᠲᠣ ᠨᠢᠭᠡᠨᠲᠡ ᠪᠦᠲᠦᠭᠡᠨ ᠪᠠᠶᠢᠭᠤᠯᠵᠤ ᠳᠠᠭᠤᠰᠬᠠᠭᠰᠠᠨ ᠪᠥᠭᠡᠳ 100 ᠰᠠᠭᠤᠷᠢ ᠳᠠᠷᠢᠵᠤ᠂ ᠦᠯᠡᠳᠡᠭᠰᠡᠨ 78 ᠰᠠᠭᠤᠷᠢ ᠪᠣᠯᠣᠳ ᠵᠢᠶᠠᠰᠠ ᠶᠢᠨ ᠪᠦᠲᠦᠴᠡ ᠶᠢ ᠨᠢᠭᠡᠨᠲᠡ ᠭᠠᠩᠨᠠᠵᠤ ᠳᠠᠭᠤᠰᠬᠠᠭᠠᠳ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠳᠠᠷᠢᠵᠤ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠣᠳᠣᠬᠠᠨ ᠳᠤ ᠰᠠᠭᠤᠷᠢᠰᠢᠭᠤᠯᠤᠭᠰᠠᠨ ᠵᠢᠮᠢᠰ ᠨᠣᠭᠤᠭ᠎ᠠ ᠨᠢ ᠦᠵᠦᠮ ᠪᠠ ᠨᠡᠷᠡᠰ ᠢᠶᠠᠷ ᠭᠤᠣᠯᠯᠠᠵᠤ᠂ ᠲᠣᠰ ᠲᠣᠰ ᠵᠡᠭᠦᠨ ᠪᠠᠷᠠᠭᠤᠨ ᠡᠮᠦᠨ᠎ᠡ ᠤᠮᠠᠷ᠎ᠠ ᠬᠤᠶᠠᠷ ᠴᠢᠭᠯᠡᠯ ᠢᠶᠠᠷ ᠬᠡᠷᠡᠯ ᠲᠤᠰᠬᠠᠨ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ︾ ᠭᠡᠵᠦ ᠵᠥᠩ ᠴᠢᠩ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠶᠦᠩ ᠪᠢᠨ ᠬᠡᠯᠡᠵᠡᠢ᠃      ᠣᠶᠢᠯᠠᠭᠠᠭᠰᠠᠨ ᠢᠶᠠᠷ᠂ ᠴᠢᠩ ᠱᠦᠢ ᠾᠧ ᠰᠢᠶᠠᠨ ᠤ ᠾᠦᠨ ᠾᠧ ᠲᠠᠨ ᠤ ᠣᠶᠤᠨᠲᠤ ᠬᠦᠯᠡᠮᠵᠢ ᠳᠤ ᠪᠠᠷᠢᠮᠵᠢᠶᠠᠵᠢᠭᠤᠯᠤᠭᠰᠠᠨ ᠲᠠᠷᠢᠮᠠᠯ ᠤᠨ ᠬᠠᠮᠢᠶᠠᠷᠤᠯᠲᠠ ᠶᠢᠨ ᠰᠢᠰᠲ᠋ᠧᠮ᠂ ᠡᠪᠡᠳᠴᠢᠨ ᠬᠤᠷᠣᠬᠠᠢ ᠶᠢᠨ ᠬᠥᠨᠥᠭᠡᠯ ᠢ ᠵᠠᠳᠠᠯᠬᠤ ᠰᠢᠰᠲ᠋ᠧᠮ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠰᠢᠰᠲ᠋ᠧᠮ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠬᠡᠷᠡᠭᠯᠡᠭᠡᠨ ᠤ ᠰᠢᠰᠲ᠋ᠧᠮ᠂ ᠵᠣᠬᠢᠶᠠᠮᠠᠯ ᠣᠶᠤᠨᠯᠢᠭ ᠤᠨ ᠡᠵᠡᠮᠰᠢᠯ ᠤᠨ ᠰᠢᠰᠲ᠋ᠧᠮ᠂ ᠪᠦᠲᠦᠭᠡᠭᠳᠡᠬᠦᠨ ᠤ ᠡᠬᠢ ᠰᠤᠷᠪᠤᠯᠵᠢ ᠶᠢ ᠡᠷᠢᠬᠦ ᠵᠡᠷᠭᠡ ᠵᠢᠷᠭᠤᠭᠠᠨ ᠶᠡᠭᠡ ᠰᠢᠰᠲ᠋ᠧᠮ ᠢ ᠪᠠᠭᠲᠠᠭᠠᠭᠰᠠᠨ ᠲᠣᠭᠠᠴᠢᠯᠠᠭᠰᠠᠨ ᠲᠠᠷᠢᠶᠠᠯᠠᠩ ᠤᠨ ᠲᠣᠮᠣ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠪᠴᠠᠩ ᠢ ᠵᠡᠷᠭᠡ ᠪᠠᠷ ᠢᠵᠢ ᠪᠦᠷᠢᠳᠦᠭᠦᠯᠦᠨ ᠪᠦᠲᠦᠭᠡᠨ ᠪᠠᠶᠢᠭᠤᠯᠪᠠ᠃ ᠡᠭᠦᠨ ᠳᠤ ᠭᠤᠣᠯᠳᠠᠭᠤ ᠳᠥᠷᠪᠡᠨ ᠶᠡᠭᠡ ᠬᠢᠯᠠᠰ ᠴᠡᠭ ᠪᠣᠶ᠄ ᠨᠢᠭᠡ ᠳᠤ᠂ ᠬᠦᠷᠢᠶᠡᠯᠡᠩ ᠲᠣᠭᠤᠷᠢᠭ ᠤᠨ ᠨᠢᠭᠡ ᠵᠢᠷᠤᠭ ᠤᠨ ᠲᠣᠮᠣ ᠳ᠋ᠠᠶᠢᠲ᠋ᠠ ᠶᠢ ᠦᠵᠡᠭᠳᠡᠬᠦᠶᠢᠴᠡ ᠪᠣᠯᠭᠠᠬᠤ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠲᠤᠬᠠᠢ ᠶᠢᠨ ᠭᠠᠵᠠᠷ ᠲᠤᠨᠢ ᠲᠡᠮᠲᠡᠷᠢᠨ ᠪᠠᠶᠢᠴᠠᠭᠠᠬᠤ ᠪᠠᠷ ᠳᠡᠮᠵᠢᠨ᠂ ᠬᠦᠯᠡᠮᠵᠢ ᠳᠣᠲᠣᠷᠠᠬᠢ ᠠᠭᠠᠷ᠂ ᠬᠥᠷᠥᠰᠥᠨ ᠤ ᠴᠢᠭᠢᠭ ᠤᠨ ᠪᠠᠶᠢᠳᠠᠯ ᠵᠡᠷᠭᠡ ᠶᠢᠰᠦᠨ ᠡᠯᠧᠮᠧᠨ᠋ᠲ᠂ ᠡᠪᠡᠳᠴᠢᠨ ᠬᠤᠷᠣᠬᠠᠢ ᠶᠢᠨ ᠬᠥᠨᠥᠭᠡᠯ ᠤᠨ ᠪᠥᠬᠦ ᠬᠡᠮᠵᠢᠯ ᠤᠨ ᠥᠰᠦᠯᠲᠡ ᠶᠢᠨ ᠲᠤᠭ᠎ᠠ ᠪᠠᠷᠢᠮᠲᠠ ᠶᠢ ᠬᠢᠨᠠᠨ ᠬᠡᠮᠵᠢᠬᠦ᠂ ᠴᠤᠭᠯᠠᠭᠤᠯᠬᠤ᠂ ᠵᠠᠳᠠᠯᠬᠤ ᠪᠠᠷ ᠳᠡᠮᠵᠢᠨ᠂ ᠬᠠᠮᠤᠭ ᠡᠴᠦᠰ ᠲᠤ ᠲᠣᠮᠣ ᠳ᠋ᠠᠶᠢᠲ᠋ᠠ ᠶᠢ ᠨᠢᠭᠡ ᠵᠢᠷᠤᠭ ᠢᠶᠠᠷ ᠭᠠᠷᠭᠠᠵᠤ᠂ ᠬᠠᠮᠢᠶᠠᠷᠤᠭᠴᠢ ᠶᠢᠨ ᠡᠳᠦᠷ ᠲᠤᠲᠤᠮ ᠤᠨ ᠲᠠᠷᠢᠮᠠᠯ ᠤᠨ ᠰᠢᠢᠳᠪᠦᠷᠢᠲᠦ ᠪᠣᠳᠣᠯᠭ᠎ᠠ ᠳᠤ ᠨᠠᠷᠢᠯᠢᠭ ᠣᠨᠣᠴᠠᠲᠠᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ ︔ ᠬᠤᠶᠠᠷ ᠲᠤ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ ᠶᠢ ᠪᠡᠶᠡᠯᠡᠭᠦᠯᠵᠦ᠂ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠲᠠᠪᠴᠠᠩ ᠢᠶᠠᠷ ᠳᠡᠮᠵᠢᠨ ᠠᠯᠤᠰ ᠠᠴᠠ ᠬᠠᠮᠢᠶᠠᠷᠤᠭᠴᠢ ᠶᠢ ᠵᠢᠯᠣᠭᠤᠳᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠪᠠᠷᠢᠮᠵᠢᠶ᠎ᠠ ᠪᠠᠷ ᠰᠢᠨᠵᠢᠯᠡᠬᠦ ᠤᠬᠠᠭᠠᠨᠴᠢ ᠪᠠᠷ ᠳᠠᠷᠢᠵᠤ᠂ ᠦᠵᠦᠮ ᠤᠨ ᠤᠨᠠᠯᠲᠠ ᠶᠢ 5% ︱ 20% ᠪᠠᠷ ᠨᠡᠮᠡᠭᠳᠡᠭᠦᠯᠵᠦ᠂ ᠦᠵᠦᠮ ᠤᠨ ᠰᠢᠷᠬᠡᠭ ᠪᠦᠷᠢ ᠶᠢᠨ ᠬᠦᠨᠳᠦ ᠶᠢᠨ ᠬᠡᠮᠵᠢᠶ᠎ᠡ ᠶᠢ ᠴᠥᠮ 13 ᠭᠷᠡᠮ ᠠᠴᠠ ᠳᠡᠭᠡᠭᠰᠢ ᠪᠠᠶᠢᠯᠭᠠᠵᠤ᠂ ᠰᠢᠬᠢᠷ ᠤᠨ ᠬᠡᠮᠵᠢᠶ᠎ᠡ ᠶᠢ 18 ᠭᠷᠡᠳᠦ᠋ᠰ ᠠᠴᠠ ᠳᠡᠭᠡᠭᠰᠢ ᠪᠠᠶᠢᠯᠭᠠᠨ᠎ᠠ᠃ ᠭᠤᠷᠪᠠ ᠳᠤ᠂ ᠠᠯᠤᠰ ᠠᠴᠠ ᠡᠵᠡᠮᠳᠡᠬᠦ ᠠᠦ᠋ᠲ᠋ᠣᠴᠢᠯᠠᠯᠲᠠ ᠶᠢ ᠪᠡᠶᠡᠯᠡᠭᠦᠯᠵᠦ ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠰᠢᠰᠲ᠋ᠧᠮ ᠳᠤ ᠰᠠᠭᠤᠷᠢᠯᠠᠨ᠂ 5G ᠮᠡᠷᠭᠡᠵᠢᠯ ᠢᠶᠠᠷ ᠣᠷᠣᠨ ᠪᠦᠰᠡ ᠶᠢᠨ ᠳᠣᠲᠣᠷᠠᠬᠢ ᠤᠰᠤᠯᠠᠯᠲᠠ ᠶᠢᠨ ᠲᠥᠬᠦᠭᠡᠷᠦᠮᠵᠢ ᠶᠢ ᠲᠥᠪᠯᠡᠷᠡᠭᠦᠯᠦᠨ ᠬᠠᠮᠢᠶᠠᠷᠴᠤ᠂ ᠬᠠᠮᠢᠶᠠᠷᠤᠭᠴᠢ ᠠᠴᠠ ᠴᠠᠭ ᠠᠭᠤᠷ ᠤᠨ ᠣᠷᠴᠢᠨ ᠲᠣᠭᠤᠷᠢᠨ ᠤ ᠲᠤᠬᠠᠢ ᠶᠢᠨ ᠴᠠᠭ ᠤᠨ ᠬᠢᠨᠠᠨ ᠬᠡᠮᠵᠢᠯᠲᠡ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ᠂ ᠭᠠᠷ ᠤᠲᠠᠰᠤ ᠪᠠᠷ ᠳᠠᠮᠵᠢᠭᠤᠯᠤᠨ ᠠᠯᠤᠰ ᠠᠴᠠ ᠬᠠᠮᠢᠶᠠᠷᠤᠨ ᠬᠠᠮᠠᠭᠠᠯᠠᠵᠤ᠂ ᠲᠣᠭᠲᠠᠭᠰᠠᠨ ᠴᠠᠭ ᠲᠤ ᠨᠠᠷᠢᠯᠢᠭ ᠣᠨᠣᠴᠠᠲᠠᠢ ᠪᠠᠷ ᠤᠰᠤᠯᠠᠬᠤ ᠶᠢ ᠪᠡᠶᠡᠯᠡᠭᠦᠯᠵᠦ᠂ ᠬᠥᠮᠥᠨ ᠤ ᠬᠦᠴᠦᠨ ᠤ ᠥᠪᠡᠷ ᠤᠨ ᠥᠷᠲᠡᠭ ᠢ 50% ᠪᠠᠷ ᠪᠠᠭᠤᠷᠠᠭᠤᠯᠵᠤ᠂ 10% —35% ᠪᠠᠷ ᠤᠰᠤ ᠠᠷᠪᠢᠯᠠᠵᠤ᠂ 10%— 30% ᠪᠠᠷ ᠪᠣᠷᠳᠣᠭᠤᠷ ᠪᠠᠭᠠᠰᠬᠠᠬᠤ ᠪᠣᠯᠣᠨ᠎ᠠ᠃ ᠳᠥᠷᠪᠡ ᠳᠤ᠂ ᠪᠦᠲᠦᠭᠡᠭᠳᠡᠬᠦᠨ ᠤ ᠶᠠᠰᠤ ᠴᠢᠨᠠᠷ ᠤᠨ ᠡᠬᠢ ᠰᠤᠷᠪᠤᠯᠵᠢ ᠶᠢ ᠰᠢᠰᠲ᠋ᠧᠮᠴᠢᠯᠡᠵᠦ᠂ ᠦᠵᠦᠮ᠂ ᠨᠡᠷᠡᠰ ᠤᠨ ᠶᠠᠰᠤ ᠴᠢᠨᠠᠷ ᠤᠨ ᠡᠬᠢ ᠰᠤᠷᠪᠤᠯᠵᠢ ᠶᠢ ᠡᠷᠢᠬᠦ ᠰᠢᠰᠲ᠋ᠧᠮ ᠢ ᠪᠠᠶᠢᠭᠤᠯᠵᠤ᠂ ᠦᠷ᠎ᠡ ᠰᠣᠩᠭᠤᠬᠤ᠂ ᠲᠠᠷᠢᠬᠤ᠂ ᠬᠤᠷᠢᠶᠠᠬᠤ ᠵᠡᠷᠭᠡ ᠪᠦᠬᠦ ᠶᠠᠪᠤᠴᠠ ᠶᠢᠨ ᠦᠵᠡᠭᠳᠡᠮᠡᠯ ᠣᠶᠤᠨᠴᠢ ᠮᠡᠳᠡᠭᠡ ᠵᠠᠩᠭᠢ ᠶᠢ ᠴᠤᠭᠯᠠᠭᠤᠯᠬᠤ ᠬᠠᠮᠢᠶᠠᠷᠤᠯᠲᠠ ᠶᠢ ᠪᠡᠶᠡᠯᠡᠭᠦᠯᠵᠦ᠂ ᠬᠡᠷᠡᠭᠯᠡᠭᠴᠢᠳ ᠵᠥᠪᠬᠡᠨ ᠪᠦᠲᠦᠭᠡᠭᠳᠡᠬᠦᠨ ᠤ ᠬᠤᠶᠠᠷ ᠬᠡᠮᠵᠢᠯᠲᠦ ᠲᠡᠮᠳᠡᠭ ᠢ ᠰᠢᠷᠪᠢᠪᠡᠯ ᠳᠠᠷᠤᠢ ᠰᠦᠯᠵᠢᠶᠡᠨ ᠳᠡᠭᠡᠷ᠎ᠡ ᠳᠠᠩᠰᠠ ᠡᠪᠬᠡᠮᠡᠯ ᠢ ᠪᠠᠶᠢᠴᠠᠭᠠᠨ ᠯᠠᠪᠯᠠᠵᠤ᠂ ᠦᠢᠯᠡᠳᠪᠦᠷᠢᠯᠡᠯ ᠤᠨ ᠶᠠᠰᠤ ᠴᠢᠨᠠᠷ ᠢ ᠪᠠᠲᠤᠯᠠᠵᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1