ᠮᠠᠨ ᠤ ᠬᠤᠲᠠ ᠶᠢᠨ ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ᠪᠦᠰᠡ ᠶᠢ ᠪᠦᠬᠦᠨ ᠢ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠪᠦᠰᠡ ᠶᠢᠨ ᠬᠠᠮᠢᠶᠠᠷᠤᠯᠲᠠ ᠳᠤ ᠤᠷᠤᠭᠤᠯᠪᠠ
ᠨᠡᠶᠢᠲᠡᠯᠡᠭᠰᠡᠨ ᠴᠠᠭ᠄
2024/5/15
     ︵ᠰᠤᠷᠪᠤᠯᠵᠢᠯᠠᠭᠴᠢ ᠯᠢᠤ ᠯᠢ ᠰᠢᠶᠠ︶ ᠡᠨᠡ ᠵᠢᠯ ᠠᠴᠠ ᠨᠠᠭᠠᠰᠢ᠂ ᠮᠠᠨ ᠤ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠵᠦ᠂ ᠬᠦᠳᠦᠯᠦᠨ ᠵᠢᠯᠤᠭᠤᠳᠬᠤ ᠪᠠ ᠬᠤᠷᠢᠭᠯᠠᠬᠤ ᠶᠢ ᠤᠶᠠᠯᠳᠤᠭᠤᠯᠵᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠣᠳᠣᠬᠠᠨ ᠳᠤ ᠪᠡᠯᠴᠢᠭᠡᠷᠯᠡᠭᠦᠯᠦᠨ ᠮᠠᠯᠵᠢᠬᠤ ᠦᠵᠡᠭᠳᠡᠯ ᠨᠢᠭᠡᠨᠲᠡ ᠢᠯᠡᠳᠲᠡ ᠰᠠᠶᠢᠵᠢᠷᠠᠪᠠ᠃      ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠪᠡ᠃ ᠮᠠᠨ ᠤ ᠬᠤᠲᠠ ︽ᠬᠥᠬᠡᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ︽︿ᠬᠥᠬᠡᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠦᠷᠢᠮ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠨᠥᠬᠦᠪᠥᠷᠢᠯᠡᠨ ᠲᠣᠭᠲᠠᠭᠠᠵᠤ᠂ 4 ᠬᠡᠰᠡᠭ᠂ 11 ᠵᠦᠢᠯ ᠤᠨ ᠡᠭᠦᠷᠭᠡ᠂ 24 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃ ᠢᠯᠠᠩᠭᠤᠶ᠎ᠠ ᠬᠠᠰᠢᠶᠠᠯᠠᠨ ᠲᠡᠵᠢᠭᠡᠵᠦ ᠥᠰᠬᠡᠬᠦ᠂ ᠲᠥᠷᠥ ᠶᠢᠨ ᠪᠣᠳᠣᠯᠭ᠎ᠠ ᠶᠢᠨ ᠨᠥᠬᠦᠪᠥᠷᠢ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠵᠡᠷᠭᠡ ᠲᠠᠯ᠎ᠠ ᠪᠠᠷ ᠡᠯ᠎ᠡ ᠭᠠᠵᠠᠷ ᠣᠷᠣᠨ ᠳᠤ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠ ᠪᠠᠯᠠ ᠮᠥᠩᠭᠦ ᠶᠢᠨ ᠪᠠᠲᠤᠯᠠᠭ᠎ᠠ ᠬᠠᠩᠭᠠᠪᠠ᠃      ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ ᠣᠷᠣᠨ ᠢ ᠰᠢᠨᠵᠢᠯᠡᠬᠦ ᠤᠬᠠᠭᠠᠨᠴᠢ ᠪᠠᠷ ᠲᠤᠭᠲᠠᠭᠠᠪᠠ᠃ ᠮᠠᠨ ᠤ ᠬᠤᠲᠠ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠮᠦᠨ᠎ᠡ ᠵᠠᠬ᠎ᠠ ᠠᠴᠠ ᠡᠮᠦᠨᠡᠰᠢ᠂ ᠪᠡᠭᠡᠵᠢᠩ ᠠᠴᠠ ᠲᠥᠪᠡᠳ ᠬᠦᠷᠬᠦ ᠲᠦᠷᠭᠡᠨ ᠤ ᠵᠠᠮ ︵G6︶ ᠤᠨ ᠬᠤᠶᠠᠷ ᠬᠠᠵᠠᠭᠤ ᠪᠠᠷ ᠭᠤᠣᠯᠳᠠᠯᠭ᠎ᠠ ᠪᠣᠯᠭᠠᠨ᠂ ᠬᠠᠲᠤᠨ ᠭᠤᠣᠯ᠂ ᠤᠯᠠᠭᠠᠨᠮᠥ᠋ᠷᠡᠨ᠂ ᠶᠡᠭᠡ ᠲᠦᠷᠭᠡᠨ ᠭᠤᠣᠯ ᠤᠨ ᠬᠤᠶᠠᠷ ᠲᠠᠯ᠎ᠠ ᠪᠠᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠴᠡᠴᠡᠷᠯᠢᠭ᠂ ᠭᠠᠵᠠᠷ ᠰᠢᠨᠵᠢᠯᠡᠭᠡᠨ ᠤ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠣᠷᠣᠨ ᠪᠦᠰᠡ ᠶᠢ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠢᠶᠠᠷ ᠨᠥᠬᠦᠨ ᠲᠣᠭᠲᠠᠭᠠᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠤ ᠲᠠᠯᠠᠪᠠᠢ ᠨᠢ 992.45 ᠲᠦᠮᠡᠨ ᠮᠦ ᠪᠠᠶᠢᠵᠤ᠂ ᠪᠥᠬᠦ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠲᠠᠯᠠᠪᠠᠢ ᠶᠢᠨ 38% ᠶᠢ ᠡᠵᠡᠯᠡᠵᠦ᠂ ᠪᠥᠬᠦ ᠬᠤᠲᠠ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠪᠦᠰᠡ ᠶᠢ ᠪᠦᠬᠦᠨ ᠢ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠪᠦᠰᠡ ᠶᠢᠨ ᠬᠠᠮᠢᠶᠠᠷᠤᠯᠲᠠ ᠳᠤ ᠣᠷᠣᠭᠤᠯᠪᠠ᠃ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠠᠴᠠ ᠭᠠᠳᠠᠨᠠᠬᠢ ᠣᠷᠣᠨ ᠪᠦᠰᠡ ᠳᠤ 200.84 ᠲᠦᠮᠡᠨ ᠮᠦ ᠪᠡᠯᠴᠢᠭᠡᠷ ᠢ ᠪᠦᠬᠦᠨ ᠢ ᠰᠡᠯᠭᠦᠨ ᠮᠠᠯᠵᠢᠬᠤ ᠣᠷᠣᠨ ᠪᠣᠯᠭᠠᠵᠤ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠬᠢᠯᠡᠨ ᠰᠡᠯᠭᠦᠨ ᠮᠠᠯᠵᠢᠬᠤ ᠬᠤᠭᠤᠴᠠᠭᠠᠨ ᠳᠤ ᠣᠷᠣᠵᠤ᠂ ᠰᠡᠯᠭᠦᠨ ᠮᠠᠯᠵᠢᠬᠤ ᠬᠤᠭᠤᠴᠠᠭ᠎ᠠ ᠨᠢ 45 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠢᠭᠡᠨᠲᠡ ᠪᠡᠯᠴᠢᠭᠡᠷᠯᠡᠭᠦᠯᠬᠦ ᠶᠢ ᠵᠣᠭᠰᠣᠭᠠᠬᠤ ᠠᠯᠪᠠᠨ ᠵᠠᠷ ᠨᠡᠶᠢᠲᠡᠯᠡᠵᠦ᠂ ᠰᠡᠯᠭᠦᠨ ᠮᠠᠯᠵᠢᠬᠤ ᠬᠡᠪᠴᠢᠶ᠎ᠡ᠂ ᠲᠠᠯᠠᠪᠠᠶ᠂ ᠴᠠᠭ ᠪᠠ ᠪᠡᠯᠴᠢᠭᠡᠷᠯᠡᠭᠦᠯᠬᠦ ᠶᠢ ᠵᠤᠭᠰᠤᠭᠠᠬᠤ ᠠᠷᠭ᠎ᠠ ᠮᠠᠶ᠋ᠢᠭ ᠢ ᠲᠤᠳᠤᠷᠬᠠᠶᠢᠯᠠᠪᠠ᠃      ᠦᠴᠦᠸᠠᠨ ᠰᠢᠶᠠᠨ ᠤ ︽ᠲᠠᠯ᠎ᠠ ᠨᠤᠲᠤᠭ ᠤᠨ ᠮᠠᠯ ᠠᠵᠤ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠰᠢᠶᠠᠨ︾ ᠤ ᠪᠠᠶᠢᠭᠤᠯᠤᠯᠲᠠ ᠶᠢ  ᠲᠦᠷᠭᠡᠳᠭᠡᠪᠡ᠃ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠲᠠᠯ᠎ᠠ ᠪᠠᠷ᠂ ᠦᠴᠤᠸᠠᠨ ᠰᠢᠶᠠᠨ ᠨᠢᠭᠡᠨᠲᠡ 7443 ᠫᠧᠩ ᠰᠠᠷᠠᠪᠴᠢ ᠪᠠᠶᠢᠭᠤᠯᠵᠤ᠂ 313 ᠬᠡᠷ ᠪᠦᠯᠢ ᠶᠢᠨ ᠮᠠᠯᠵᠢᠯ ᠤᠨ ᠲᠠᠯᠠᠪᠠᠶ᠂ 993 ᠬᠤᠷᠰᠢᠶᠠᠵᠢᠯ ᠢ ᠡᠭᠦᠳᠦᠨ ᠪᠠᠶᠢᠭᠤᠯᠪᠠ᠃ ᠲᠡᠵᠢᠭᠡᠯ ᠡᠪᠡᠰᠦ ᠬᠠᠩᠭᠠᠬᠤ ᠲᠠᠯ᠎ᠠ ᠪᠠᠷ᠂ ᠦᠴᠤᠸᠠᠨ ᠰᠢᠶᠠᠨ ᠨᠢᠭᠡᠨᠲᠡ 23.3 ᠲᠦᠮᠡᠨ ᠮᠦ ᠡᠰᠢ ᠰᠦᠷᠡᠯ ᠢ ᠡᠭᠡᠭᠦᠯᠦᠨ ᠬᠤᠷᠢᠶᠠᠵᠤ᠂ ᠡᠰᠢ ᠰᠦᠷᠡᠯ ᠢ ᠨᠥᠬᠦᠪᠦᠷᠢᠯᠡᠨ ᠠᠰᠢᠭᠯᠠᠬᠤ ᠶᠢ ᠴᠢᠩᠭᠠᠳᠬᠠᠪᠠ᠃ ᠨᠥᠬᠦᠪᠥᠷᠢ ᠮᠥᠩᠭᠦ ᠶᠢ ᠪᠠᠭᠤᠯᠭᠠᠬᠤ ᠲᠠᠯ᠎ᠠ ᠪᠠᠷ᠂ ᠦᠴᠦᠸᠠᠨ ᠰᠢᠶᠠᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ 2785 ᠲᠦᠮᠡᠨ ᠲᠥᠭᠦᠷᠢᠭ ᠪᠠᠭᠤᠯᠭᠠᠵᠤ᠂ 4.49 ᠲᠦᠮᠡᠨ ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ᠃ ᠪᠦᠬᠦ ᠬᠤᠲᠠ ᠶᠢᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠪᠡᠯᠡ ᠮᠥᠩᠭᠦ ᠶᠢ 2015 ᠲᠦᠮᠡᠨ ᠲᠥᠭᠦᠷᠢᠭ ᠪᠠᠭᠤᠯᠭᠠᠬᠤ ᠪᠠᠷ ᠲᠥᠯᠥᠪᠯᠡᠵᠦ ᠪᠠᠶᠢᠨ᠎ᠠ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠠᠯ᠎ᠠ ᠪᠠᠷ᠂ ᠦᠴᠤᠸᠠᠨ ᠰᠢᠶᠠᠨ ᠨᠢᠭᠡᠨᠲᠡ ᠪᠡᠯᠴᠢᠭᠡᠷᠯᠡᠭᠦᠯᠬᠦ ᠶᠢ ᠵᠤᠭᠰᠤᠭᠠᠬᠤ ᠬᠡᠷᠡᠭ ᠢ 85 ᠤᠳᠠᠭ᠎ᠠ ᠰᠢᠢᠳᠪᠦᠷᠢᠯᠡᠵᠦ᠂ ᠲᠣᠷᠭᠠᠭᠤᠯᠢ ᠶᠢᠨ ᠵᠣᠭᠤᠰ ᠤᠨ ᠲᠤᠭ᠎ᠠ ᠨᠢ 13.126 ᠲᠦᠮᠡᠨ ᠲᠥᠭᠦᠷᠢᠭ ᠬᠦᠷᠴᠡᠢ᠃ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ᠂ ᠦᠴᠤᠸᠠᠨ ᠰᠢᠶᠠᠨ ᠬᠤᠶᠠᠩ ᠬᠤᠨᠢᠨ ᠤ ᠡᠭᠦᠯᠳᠡᠷ ᠢ ᠪᠦᠬᠦ ᠲᠠᠯ᠎ᠠ ᠪᠠᠷ ᠳᠡᠯᠭᠡᠷᠡᠭᠦᠯᠵᠦ᠂ ᠣᠳᠣ ᠪᠠᠶᠢᠭ᠎ᠠ ᠢᠳᠡᠰᠢᠨ ᠬᠤᠨᠢ᠂ ᠢᠳᠡᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠲᠦᠰᠢᠭᠯᠡᠨ᠂ ᠠᠯᠲᠠᠨ ᠲᠠᠯ᠎ᠠ᠂ ᠵᠧᠩ ᠳ᠋ᠠ᠂ ᠬᠤᠸᠠ ᠯᠠᠢ ᠱᠢ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠢᠳᠡᠰᠢᠨ ᠬᠤᠨᠢ ᠶᠢ ᠵᠢᠯ ᠳᠤ 130 ᠲᠦᠮᠡᠨ ᠬᠤᠨᠢ ᠡᠳ᠋ᠰᠢᠭᠦᠯᠦᠨ ᠪᠣᠯᠪᠠᠰᠤᠷᠠᠭᠤᠯᠪᠠ᠃      ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠪᠡ᠃ ᠲᠡᠵᠢᠭᠡᠨ ᠦᠷᠡᠵᠢᠭᠦᠯᠬᠦ ᠺᠣᠮᠫᠠᠨᠢ ᠪᠣᠯᠤᠨ ᠲᠡᠵᠢᠭᠡᠨ ᠦᠷᠡᠵᠢᠭᠦᠯᠬᠦ ᠬᠤᠷᠰᠢᠶ᠎ᠠ ᠶᠢᠨ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ ᠵᠢᠷᠤᠮᠵᠢᠭᠤᠯᠵᠤ᠂ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠶᠢ ᠴᠢᠩᠭ᠎ᠠ ᠬᠡᠷᠡᠭᠵᠢᠭᠦᠯᠪᠡ᠃ ᠡᠬᠢ ᠡᠭᠦᠰᠦᠯ ᠠᠴᠠ ᠨᠢ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠪᠦᠬᠦ ᠬᠤᠲᠠ ᠶᠢᠨ 1795 ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠳᠤ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠵᠤ᠂ ︽ᠬᠥᠬᠡ ᠬᠤᠲᠠ ᠶᠢ ᠲᠣᠭᠤᠷᠢᠨ ᠬᠠᠮᠠᠭᠠᠯᠠᠬᠤ App︾ ᠢᠶᠠᠷ ᠪᠡᠯᠴᠢᠭᠡᠷᠯᠡᠭᠦᠯᠬᠦ ᠶᠢ ᠵᠤᠭᠰᠤᠭᠠᠵᠤ ᠰᠡᠯᠭᠦᠨ ᠮᠠᠯᠵᠢᠬᠤ ᠣᠷᠣᠨ ᠳᠤ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢ ᠥᠷᠨᠢᠭᠦᠯᠪᠡ᠃ ᠡᠭᠦᠨ ᠤ ᠬᠠᠮᠲᠤ᠂ ᠬᠤᠲᠠ ᠶᠢᠨ ᠤᠶᠤᠨᠲᠤ ᠣᠶ ᠰᠢᠭᠤᠶ ᠡᠪᠡᠰᠦ ᠪᠡᠯᠴᠢᠭᠡᠷ ᠤᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢᠭᠡᠨᠲᠡ ᠪᠠᠶᠢᠭᠤᠯᠤᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠳᠦᠷᠰᠦ ᠰᠢᠩᠭᠡᠭᠡᠯᠲᠡ ᠶᠢ ᠠᠰᠢᠭᠯᠠᠨ᠂ ᠪᠡᠯᠴᠢᠭᠡᠷᠯᠡᠭᠦᠯᠬᠦ ᠶᠢ ᠵᠤᠭᠰᠤᠭᠠᠵᠤ ᠰᠡᠯᠭᠦᠨ ᠮᠠᠯᠵᠢᠬᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ ᠪᠡᠯᠴᠢᠭᠡᠷᠯᠡᠭᠦᠯᠬᠦ ᠶᠢ ᠵᠤᠭᠰᠤᠭᠠᠵᠤ ᠰᠡᠯᠭᠦᠨ ᠮᠠᠯᠵᠢᠬᠤ ᠭᠤᠤᠯᠳᠠᠯᠭ᠎ᠠ ᠲᠠᠢ ᠣᠷᠣᠨ ᠪᠦᠰᠡ ᠳᠤ ᠮᠠᠯ ᠢ ᠣᠶᠤᠨᠴᠢ ᠪᠠᠷ ᠢᠯᠭᠠᠨ ᠲᠠᠨᠢᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠠᠭ ᠲᠤᠬᠠᠶ ᠳᠤᠨᠢ ᠥᠷᠨᠢᠭᠦᠯᠪᠡ᠃      ᠡᠭᠦᠨ ᠤ ᠬᠠᠮᠲᠤ᠂ ᠮᠠᠨ ᠤ ᠬᠤᠲᠠ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠪᠡ᠃ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠢ ᠵᠣᠬᠢᠶᠠᠨ ᠪᠠᠶᠢᠭᠤᠯᠤᠨ ᠬᠠᠰᠢᠶᠠᠯᠠᠨ ᠲᠡᠵᠢᠭᠡᠵᠦ ᠲᠡᠵᠢᠭᠡᠨ ᠦᠷᠡᠵᠢᠭᠦᠯᠬᠦ᠂ ᠰᠢᠨ᠎ᠡ ᠪᠠᠷ ᠪᠠᠶᠢᠭᠤᠯᠤᠭᠰᠠᠨ ᠫᠧᠩ ᠰᠠᠷᠠᠪᠴᠢ ᠶᠢᠨ ᠨᠣᠭᠤᠭᠠᠨ ᠳᠠᠷᠤᠰᠢ ᠶᠢᠨ ᠵᠣᠭᠤᠷᠢ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠵᠡᠷᠭᠡ ᠪᠠᠯᠠ ᠮᠥᠩᠭᠦ ᠶᠢᠨ ᠣᠷᠣᠭᠤᠯᠤᠯᠲᠠ ᠶᠢ ᠬᠠᠮᠲᠤᠪᠠᠷ ᠨᠡᠮᠡᠭᠳᠡᠭᠦᠯᠵᠦ᠂ ᠲᠠᠷᠢᠶᠠᠴᠢᠨ ᠡᠷᠦᠬᠡ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠬᠠᠰᠢᠶᠠᠯᠠᠨ ᠲᠡᠵᠢᠭᠡᠵᠦ ᠲᠡᠵᠢᠭᠡᠨ ᠦᠷᠡᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠤᠯᠠ ᠲᠡᠵᠢᠭᠡᠵᠦ ᠪᠡᠯᠴᠢᠭᠡᠷᠯᠡᠭᠦᠯᠬᠦ ᠤᠯᠠᠮᠵᠢᠯᠠᠯᠲᠤ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠪᠠ᠃ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠲᠦᠯᠬᠢᠨ ᠠᠬᠢᠭᠤᠯᠬᠤ ᠲᠠᠯ᠎ᠠ ᠪᠠᠷ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠠᠵᠤ ᠠᠬᠤᠶᠢᠯᠠᠯ ᠣᠷᠣᠯᠴᠠᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠮᠣ ᠬᠡᠯᠪᠡᠷᠢ ᠶᠢᠨ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠠᠵᠤ ᠠᠬᠤᠶᠢᠯᠠᠯ + ᠲᠠᠷᠢᠶᠠᠴᠢᠨ ᠡᠷᠦᠬᠡ︾ ᠶᠢᠨ ᠨᠠᠶᠢᠳᠠᠨ ᠬᠠᠮᠢᠶᠠᠷᠤᠭᠤᠯᠬᠤ ᠬᠡᠯᠪᠡᠷᠢ ᠶᠢᠨ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠨ ᠡᠷᠦᠬᠡ ᠯᠦᠭᠡ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠣᠳᠣᠬᠢᠴᠢᠯᠠᠭᠰᠠᠨ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1