| | ᠨᠢᠭᠡ᠂ ᠲᠣᠭᠲᠠᠭᠠᠭᠰᠠᠨ ᠠᠬᠤᠢ ᠪᠠᠶᠢᠳᠠᠯ | ︽3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2019﹈ 15 ᠳ᠋ᠤᠭᠠᠷ ᠲᠣᠭᠠᠲᠤ︶ ᠪᠠ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠳᠡᠪᠬᠢ ᠦᠷᠡᠵᠢᠯ ᠤᠨ ᠳᠡᠮᠵᠢᠯᠭᠡ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 16 ᠰᠠᠯᠠᠭ᠎ᠠ ᠮᠥᠴᠢᠷ ᠤᠨ ᠮᠡᠳᠡᠭᠳᠡᠯ︾ ︵ | ᠥᠪᠥᠷ ᠬᠠᠮᠠᠭᠠᠯᠠᠯ ᠵᠢᠷᠤᠮᠵᠢᠯ ﹇2022﹈ 4 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ | ᠲᠦᠷᠭᠡᠳᠬᠡᠵᠦ᠂ ᠣᠷᠣᠨ ᠤ ᠲᠥᠪ ᠬᠤᠳᠠ ᠶᠢᠨ ᠬᠥᠮᠥᠨ ᠠᠮᠠ ᠶᠢᠨ ᠭᠤᠤᠷᠰᠤᠨ ᠰᠣᠷᠣᠭᠤᠯ ᠤᠨ ᠦᠢᠯᠡᠳᠦᠯ ᠢ | ᠤᠯᠠᠮ ᠨᠢᠭᠡ ᠠᠯᠬᠤᠮ ᠥᠷᠭᠡᠳᠬᠡᠨ᠂ ︽ᠬᠥᠬᠡᠬᠤᠲᠠ ᠶᠢᠨ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ | ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ︾ ᠭᠡᠵᠦ | ᠲᠣᠪᠴᠢᠯᠠᠨ᠎ᠠ︶ ᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︽ᠠᠷᠭ᠎ᠠ ᠬᠡᠮᠵᠢᠶ᠎ᠡ︾ ᠨᠢ ᠭᠡᠷ ᠪᠦᠯᠢ ᠶᠢᠨ ᠬᠡᠦᠬᠡᠳ ᠠᠰᠠᠷᠠᠬᠤ ᠳᠡᠮᠵᠢᠯᠭᠡ᠂ ᠲᠦᠭᠡᠮᠡᠯ ᠬᠠᠷᠠᠭᠠᠯᠵᠠᠯ ᠤᠨ | ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠶᠡᠬᠡᠪᠡᠷ ᠬᠥᠭᠵᠢᠭᠦᠯᠬᠦ᠂ ᠬᠡᠦᠬᠡᠳ ᠠᠰᠠᠷᠠᠬᠤ ᠦᠢᠯᠡᠴᠢᠯᠡᠭᠡ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠵᠡᠷᠭᠡ ᠭᠤᠷᠪᠠᠨ ᠲᠠᠯ᠎ᠠ ᠠᠴᠠ 12 ᠵᠣᠷᠪᠣᠰ ᠠᠷᠭ᠎ᠠ ᠬᠡᠮᠵᠢᠶ᠎ᠡ ᠲᠣᠭᠲᠠᠭᠠᠪᠠ᠃ | ︵ᠨᠢᠭᠡ︶ ᠭᠡᠷ ᠪᠦᠯᠢ ᠶᠢᠨ ᠬᠡᠦᠬᠡᠳ ᠠᠰᠠᠷᠠᠬᠤ ᠳᠡᠮᠵᠢᠯᠭᠡ ᠶᠢᠨ ᠲᠠᠯ᠎ᠠ ᠪᠠᠷ᠂ ︽ᠭᠡᠷ ᠪᠦᠯᠢ ᠶᠢᠨ ᠬᠡᠦᠬᠡᠳ | ᠥᠰᠬᠡᠬᠦ ᠥᠪᠡᠷ ᠤᠨ ᠥᠷᠲᠡᠭ ᠢ ᠪᠠᠭᠤᠷᠠᠭᠤᠯᠬᠤ᠂ ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ | ᠪᠠᠭᠤᠷᠠᠭᠤᠯᠬᠤ᠂ ᠭᠡᠷ ᠪᠦᠯᠢ ᠶᠢᠨ ᠬᠡᠦᠬᠡᠳ ᠠᠰᠠᠷᠠᠬᠤ ᠳᠡᠮᠵᠢᠯᠭᠡ ᠶᠢ ᠨᠡᠮᠡᠭᠳᠡᠭᠦᠯᠬᠦ᠂ ᠬᠦᠴᠢᠷᠳᠡᠯ ᠳᠤ ᠲᠤᠯᠭᠠᠷᠠᠭᠰᠠᠨ | ᠬᠡᠦᠬᠡᠳ ᠢ ᠠᠰᠠᠷᠠᠬᠤ ᠬᠥᠭᠵᠢᠯᠲᠡ ᠶᠢ ᠠᠬᠢᠭᠤᠯᠬᠤ᠂ ᠭᠡᠷ ᠪᠦᠯᠢ ᠶᠢᠨ ᠬᠡᠦᠬᠡᠳ ᠠᠰᠠᠷᠠᠬᠤ ᠵᠢᠯᠣᠭᠤᠳᠤᠯᠭ᠎ᠠ ᠶᠢ | ᠴᠢᠩᠭᠠᠳᠬᠠᠬᠤ︾ ᠵᠡᠷᠭᠡ 5 ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ ᠭᠤᠷᠪᠠᠨ ᠨᠠᠰᠤᠨ ᠠᠴᠠ | ᠳᠣᠷᠣᠭᠰᠢᠬᠢ ᠨᠢᠯᠬ᠎ᠠ ᠬᠡᠦᠬᠡᠳ ᠤᠨ ᠭᠡᠷ ᠪᠦᠯᠢ ᠶᠢᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠠᠴᠠ | ᠬᠠᠰᠤᠵᠤ ᠬᠡᠯᠲᠦᠷᠢᠭᠦᠯᠬᠦ ᠲᠤᠰᠬᠠᠢ ᠵᠦᠢᠯ ᠤᠨ ᠨᠡᠮᠡᠯᠲᠡ ᠂ ᠨᠢᠭᠡ ᠤᠳᠠᠭ᠎ᠠ ᠶᠢᠨ ᠴᠢᠨᠠᠷᠲᠠᠢ ᠬᠡᠦᠬᠡᠳ ᠥᠰᠬᠡᠬᠦ | ᠨᠥᠬᠦᠪᠦᠷᠢ᠂ ᠠᠰᠠᠷᠠᠬᠤ ᠨᠥᠬᠦᠪᠦᠷᠢ ᠣᠯᠭᠤᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠵᠢᠭᠡᠯᠡᠯᠭᠡ ᠶᠢᠨ ᠲᠤᠭ᠎ᠠ ᠶᠢ ᠳᠡᠭᠡᠭᠰᠢᠯᠡᠭᠦᠯᠵᠦ᠂ ᠬᠥᠩᠭᠡᠵᠢᠯᠲᠡ ᠶᠢᠨ ᠴᠢᠯᠦᠭᠡ᠂ ᠰᠤᠪᠢᠯᠠᠯᠲᠠ ᠶᠢᠨ | ᠴᠢᠯᠦᠭᠡ ᠪᠠ ᠬᠡᠦᠬᠡᠳ ᠠᠰᠠᠷᠠᠬᠤ ᠴᠢᠯᠦᠭᠡ ᠶᠢ ᠨᠠᠶᠢᠳᠠᠪᠤᠷᠢᠵᠢᠭᠤᠯᠤᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ | ᠵᠡᠷᠭᠡ ᠬᠠᠮᠲᠤᠯᠢᠭ ᠤᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠦᠨᠳᠦᠰᠦᠨ ᠵᠦᠢᠯ ᠤᠨ ᠪᠠᠲᠤᠯᠠᠭ᠎ᠠ ᠪᠠ ᠨᠢᠯᠬ᠎ᠠ | ᠬᠡᠦᠬᠡᠳ ᠢ ᠬᠠᠷᠠᠭᠠᠯᠵᠠᠨ ᠠᠰᠠᠷᠠᠬᠤ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠭᠡᠷ | ᠪᠦᠯᠢ ᠶᠢᠨ ᠥᠰᠬᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠭᠡᠷ ᠪᠦᠯᠢ ᠶᠢᠨ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠬᠤᠶᠠᠷ︶ ᠲᠦᠭᠡᠮᠡᠯ ᠬᠠᠷᠠᠭᠠᠯᠵᠠᠯ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠶᠡᠬᠡᠪᠡᠷ ᠬᠥᠭᠵᠢᠭᠦᠯᠬᠦ | ᠲᠠᠯ᠎ᠠ ᠪᠠᠷ᠂ ︽ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ | ᠪᠠᠭᠤᠷᠠᠭᠤᠯᠬᠤ᠂ ᠲᠦᠭᠡᠮᠡᠯ ᠬᠠᠷᠠᠭᠠᠯᠵᠠᠬᠤ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠳᠡᠮᠵᠢᠬᠦ᠂ ᠭᠠᠶᠢᠯᠢ | ᠰᠦᠢᠳᠬᠡᠯ ᠤᠨ ᠬᠠᠷᠠᠭᠠᠯᠵᠠᠯ ᠦᠵᠡᠭᠦᠯᠬᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ | ᠴᠤᠪᠤᠷᠠᠯ ᠢ ᠰᠢᠯᠢᠳᠡᠭᠵᠢᠭᠦᠯᠬᠦ᠂ ᠲᠦᠭᠡᠮᠡᠯ ᠬᠠᠷᠠᠭᠠᠯᠵᠠᠬᠤ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠬᠦ︾ ᠵᠡᠷᠭᠡ 5 ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠢ | ᠲᠣᠭᠲᠠᠭᠠᠪᠠ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠡᠷᠡᠭᠯᠡᠬᠦ ᠤᠰᠤ᠂ ᠴᠠᠬᠢᠯᠭᠠᠨ᠂ ᠬᠡᠢ᠂ ᠢᠯᠴᠢ ᠳᠤ | ᠰᠠᠭᠤᠭᠠᠯᠢ ᠠᠷᠠᠳ ᠲᠠᠢ ᠠᠮᠢᠳᠤᠷᠠᠯ ᠤᠨ ᠦᠨ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠳᠠᠩᠰᠠᠯᠠᠭᠤᠯᠤᠭᠰᠠᠨ | ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠵᠣᠬᠢᠬᠤ ᠬᠡᠮᠵᠢᠶᠡᠨ ᠤ ᠡᠵᠡᠩᠨᠡᠯᠲᠡ ᠪᠠ | ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠣᠯᠭᠤᠵᠤ᠂ ᠰᠢᠨ᠎ᠡ ᠪᠠᠷ ᠪᠠᠶᠢᠭᠤᠯᠤᠭᠰᠠᠨ ᠨᠡᠶᠢᠭᠡᠮ ᠲᠣᠭᠤᠷᠢᠭ ᠤᠨ | ᠬᠡᠦᠬᠡᠳ ᠰᠠᠭᠠᠲᠠᠭᠤᠯᠬᠤ ᠦᠢᠯᠡᠴᠢᠯᠡᠭᠡ ᠳᠤ ᠬᠡᠷᠡᠭᠯᠡᠬᠦ ᠭᠡᠷ ᠪᠠᠶᠢᠰᠢᠩ᠂ ᠭᠠᠵᠠᠷ ᠰᠢᠷᠣᠢ ᠶᠢᠨ ᠬᠠᠮᠢᠶ᠎ᠠ ᠪᠦᠬᠦᠢ | ᠭᠠᠶᠢᠯᠢ ᠰᠦᠢᠳᠬᠡᠯ ᠲᠤᠰᠢᠶᠠᠬᠤ ᠶᠢ ᠭᠦᠢᠴᠡᠳᠬᠡᠬᠦ ᠦᠶ᠎ᠡ ᠳᠤ ᠬᠠᠰᠤᠵᠤ ᠬᠡᠯᠲᠦᠷᠢᠭᠦᠯᠦᠨ᠎ᠡ᠂ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠥᠬᠦᠴᠡᠯ ᠲᠠᠢ ᠪᠠᠶᠢᠭᠤᠯᠭ᠎ᠠ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠰᠤᠯᠠ ᠲᠠᠯᠪᠢᠵᠤ ᠪᠠᠶᠢᠭ᠎ᠠ ᠠᠵᠢᠯᠯᠠᠬᠤ ᠭᠠᠵᠠᠷ ᠢᠶᠠᠨ ᠠᠰᠢᠭᠯᠠᠨ ᠲᠤᠰᠠᠭᠠᠷ ᠪᠤᠶᠤ ᠬᠠᠮᠢᠶ᠎ᠠ | ᠪᠦᠬᠦᠢ ᠨᠢᠭᠡᠴᠢ ᠲᠠᠢ ᠬᠠᠮᠲᠤᠷᠠᠨ ᠡᠷᠭᠢᠯᠡᠬᠦ ᠠᠷᠭ᠎ᠠ ᠮᠠᠶ᠋ᠢᠭ ᠢᠶᠠᠷ ᠠᠵᠢᠯᠲᠠᠨ ᠠᠵᠢᠯᠴᠢᠨ ᠳᠤ ᠲᠦᠭᠡᠮᠡᠯ | ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠬᠤ ᠵᠡᠷᠭᠡ ᠠᠷᠭ᠎ᠠ | ᠬᠡᠮᠵᠢᠶ᠎ᠡ ᠠᠪᠴᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠬᠠᠩᠭᠠᠯᠭ᠎ᠠ ᠶᠢ ᠥᠷᠭᠡᠳᠬᠡᠨ᠂ ᠬᠡᠷᠡᠭᠴᠡᠭᠡ ᠱᠠᠭᠠᠷᠳᠠᠯᠭ᠎ᠠ ᠲᠠᠢ ᠬᠤᠲᠠ ᠶᠢᠨ ᠠᠷᠠᠳ ᠲᠤ ᠶᠠᠰᠤ ᠴᠢᠨᠠᠷ ᠨᠢ | ᠪᠠᠲᠤᠯᠠᠭ᠎ᠠ ᠲᠠᠢ᠂ ᠦᠨ᠎ᠡ ᠬᠠᠩᠰᠢ ᠨᠢ ᠳᠠᠭᠠᠭᠠᠵᠤ ᠳᠡᠶᠢᠯᠬᠦ᠂ ᠲᠥᠬᠦᠮ ᠬᠢᠮᠳᠠ ᠬᠡᠦᠬᠡᠳ ᠰᠠᠭᠠᠲᠠᠭᠤᠯᠬᠤ | ᠦᠢᠯᠡᠴᠢᠯᠡᠭᠡ ᠬᠠᠩᠭᠠᠨ᠎ᠠ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ | ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ ᠭᠤᠷᠪᠠᠨ ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ | ᠲᠠᠷᠬᠠᠭᠠᠭᠰᠠᠨ ︽ᠬᠥᠬᠡᠬᠤᠲᠠ ᠶᠢᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ | ᠲᠣᠭᠲᠠᠭᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠡᠷᠡᠭᠦᠯ ᠬᠠᠮᠠᠭᠠᠯᠠᠯ | ᠥᠰᠥᠭ ﹇2024﹈ 30 ᠳ᠋ᠤᠭᠠᠷ ᠲᠣᠭᠠᠲᠤ︶ ᠪᠠᠷ ᠲᠣᠭᠲᠠᠭᠠᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠢᠯ ᠪᠦᠷᠢ ᠲᠦᠭᠡᠮᠡᠯ | ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠪᠠᠶᠢᠭᠤᠯᠤᠮᠵᠢ ᠶᠢ | ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠭᠤᠷᠪᠠ︶ ᠬᠡᠦᠬᠡᠳ ᠠᠰᠠᠷᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ᠂ ︽ | ᠬᠡᠦᠬᠡᠳ ᠠᠰᠠᠷᠠᠬᠤ ᠴᠢᠳᠠᠪᠤᠷᠢᠲᠠᠨ ᠤ ᠡᠩᠨᠡᠭᠡ ᠶᠢ ᠶᠡᠬᠡᠪᠡᠷ ᠬᠥᠮᠥᠵᠢᠭᠦᠯᠬᠦ᠂ ᠡᠮᠴᠢᠯᠡᠭᠡ ᠪᠠ ᠬᠥᠮᠦᠵᠢᠯ ᠢ | ᠤᠶᠠᠯᠳᠤᠭᠤᠯᠬᠤ︾ 2 ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ ᠬᠡᠦᠬᠡᠳ ᠠᠰᠠᠷᠠᠭᠴᠢ᠂ | ᠬᠡᠦᠬᠡᠳ ᠬᠥᠮᠥᠵᠢᠭᠦᠯᠦᠭᠴᠢ ᠵᠡᠷᠭᠡ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠳᠤ ᠪᠥᠬᠦ ᠲᠣᠭᠠᠨ ᠤ ᠨᠥᠬᠦᠪᠦᠷᠢ | ᠥᠭᠬᠦ ᠪᠠᠷ ᠳᠠᠮᠵᠢᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠬᠡᠦᠬᠡᠳ ᠠᠰᠠᠷᠠᠬᠤ | ᠪᠠᠶᠢᠭᠤᠯᠤᠮᠵᠢ ᠳᠤ ᠡᠷᠡᠭᠦᠯ ᠬᠠᠮᠠᠭᠠᠯᠠᠯ ᠡᠷᠡᠭᠦᠯᠵᠢᠯ ᠤᠨ ᠵᠢᠯᠣᠭᠤᠳᠤᠯᠭ᠎ᠠ ᠪᠠ ᠮᠡᠳᠡᠯᠭᠡ ᠶᠢᠨ ᠲᠠᠶᠢᠯᠤᠮᠵᠢ ᠬᠢᠵᠦ | ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠦᠢᠯᠡᠴᠢᠯᠡᠭᠡᠨ ᠤ ᠶᠡᠷᠦᠩᠬᠡᠢ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ | ᠲᠠᠶᠢᠯᠤᠮᠵᠢ ᠬᠢᠭᠰᠡᠨ᠄ ᠽᠠᠩ ᠢᠦᠢ ᠹᠧᠢ︔ ᠬᠠᠷᠢᠯᠴᠠᠬᠤ ᠤᠲᠠᠰᠤ᠄ 0471-4606609 | | | ᠤᠭ ᠪᠢᠴᠢᠭ ᠮᠠᠲ᠋ᠧᠷᠢᠶᠠᠯ ᠢ ᠤᠩᠰᠢᠬᠤ | | |