︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠰᠢᠦᠢ ᠫᠧᠩ ᠹᠧᠢ︶ ᠣᠶᠢᠷ᠎ᠠ ᠳᠤ᠂ ᠮᠠᠨ ᠤ | ᠬᠤᠲᠠ ᠲᠦᠷᠦᠭᠦᠤ ᠪᠦᠯᠦᠭ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ ᠳᠡᠰ | ᠳᠡᠭᠡᠭᠰᠢᠯᠡᠭᠦᠯᠦᠨ ᠣᠯᠭᠤᠵᠤ᠂ ᠲᠠᠷᠬᠠᠭᠠᠭᠰᠠᠨ ᠶᠡᠷᠦᠩᠬᠡᠶ ᠵᠣᠭᠤᠰ ᠤᠨ ᠲᠤᠭ᠎ᠠ ᠨᠢ 8394.12 ᠲᠦᠮᠡᠨ | ᠲᠥᠭᠦᠷᠢᠭ ᠬᠦᠷᠴᠦ᠂ ᠨᠥᠬᠦᠪᠥᠷᠢ ᠶᠢᠨ ᠲᠠᠯᠠᠪᠠᠶ ᠨᠢ 130.99 ᠲᠦᠮᠡᠨ ᠮᠥ ᠬᠦᠷᠴᠦ᠂ 66428 ᠡᠷᠦᠬᠡ ᠳᠤ | ᠠᠰᠢᠭ ᠬᠦᠷᠲᠡᠭᠡᠵᠦ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠶᠡᠭᠡ ᠬᠡᠪᠴᠢᠶ᠎ᠡ ᠪᠠᠷ ᠡᠷᠦᠬᠡ ᠳᠤ ᠰᠢᠭᠤᠳ ᠨᠥᠬᠦᠪᠦᠷᠢᠯᠡᠵᠦ᠂ | ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ ᠮᠠᠯᠴᠢᠨ ᠲᠠᠷᠢᠶᠠᠴᠢᠨ ᠳᠤ | ᠣᠯᠭᠤᠬᠤ ᠶᠢ ᠦᠨᠡᠨ ᠬᠦ ᠪᠠᠲᠤᠯᠠᠪᠠ᠃ | ︽ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ | ᠰᠢᠭᠤᠳ ᠣᠯᠭᠤᠬᠤ ᠲᠣᠭᠲᠠᠴᠠ ᠶᠢᠨ ᠰᠢᠨ᠎ᠡ ᠶᠢ ᠡᠭᠦᠳᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠦᠳᠲᠡᠷ ᠲᠦᠷᠭᠡᠨ | ᠬᠥᠳᠡᠯᠦᠯᠴᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠥᠬᠦᠪᠥᠷᠢ ᠶᠢᠨ ᠪᠠᠯᠠ ᠮᠥᠩᠭᠦ ᠶᠢᠨ ᠳᠡᠰ | ᠳᠡᠭᠡᠭᠰᠢᠯᠡᠭᠦᠯᠦᠨ ᠣᠯᠭᠤᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠪᠠᠷ ᠳᠥᠯᠭᠢᠨ ᠠᠬᠢᠭᠤᠯᠪᠠ᠃ ᠡᠨᠡ | ᠬᠤᠭᠤᠴᠠᠭᠠᠨ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠠᠵᠢᠯ ᠤᠨ | ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠱᠠᠲᠤᠨ ᠤ | ᠮᠡᠳᠡᠭᠳᠡᠯ ᠢ ᠣᠯᠤᠭᠰᠠᠨ ᠤ ᠳᠠᠷᠠᠭ᠎ᠠ ᠪᠥᠬᠦ ᠬᠤᠲᠠ ᠶᠢᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠳ᠋ ᠤᠨ | ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ᠲᠠᠰ ᠳᠡᠪᠰᠢᠭᠦᠯᠦᠨ ᠲᠠᠷᠬᠠᠭᠠᠬᠤ ᠰᠢᠰᠲ᠋ᠧᠮ ᠢ ᠲᠠᠨᠢᠭᠤᠯᠵᠤ | ᠪᠣᠯᠪᠠᠰᠤᠷᠠᠭᠤᠯᠬᠤ ᠬᠤᠷᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠲᠠ᠂ ᠰᠢᠶᠠᠨ | ᠬᠤᠶᠠᠷ ᠱᠠᠲᠤᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ | ᠬᠠᠮᠢᠶ᠎ᠠ ᠪᠥᠬᠦᠶ ᠬᠠᠷᠢᠭᠤᠴᠠᠯᠭᠠᠲᠠᠨ᠂ ᠰᠠᠯᠠᠭ᠎ᠠ ᠲᠠᠰᠤᠭ ᠤᠨ ᠠᠵᠢᠯᠲᠠᠨ ᠳᠤ ᠪᠣᠯᠪᠠᠰᠤᠷᠠᠭᠤᠯᠤᠯ ᠬᠦᠷᠲᠡᠭᠡᠪᠡ᠃ | ᠡᠭᠦᠨ ᠤ ᠬᠠᠮᠲᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠮᠢᠶ᠎ᠠ ᠪᠥᠬᠦᠶ ᠪᠠᠩᠬᠢ ᠲᠠᠢ ᠢᠳᠡᠪᠬᠢᠲᠡᠶ | ᠵᠣᠯᠭᠠᠭᠤᠯᠵᠤ᠂ ᠡᠴᠦᠰ ᠲᠡᠭᠡᠨ 7 ᠪᠠᠩᠬᠢ ᠲᠠᠢ ︽ᠪᠠᠩᠬᠢ ᠳᠤ ᠨᠠᠶᠢᠳᠠᠵᠤ ᠠᠷᠠᠳ ᠲᠤ ᠠᠰᠢᠭ ᠬᠦᠷᠲᠡᠭᠡᠬᠦ | ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠲᠠᠷᠬᠠᠭᠠᠬᠤ | ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠡᠯ᠎ᠡ ᠪᠠᠩᠬᠢ ᠶᠢ ᠰᠢᠮᠳᠠᠭᠤᠯᠵᠤ ᠪᠠᠶᠢᠭᠠᠳ ᠡᠳ᠋ ᠤᠨ ᠵᠠᠰᠠᠭ ᠤᠨ | ᠰᠢᠰᠲ᠋ᠧᠮ ᠲᠠᠢ ᠵᠣᠯᠭᠠᠭᠤᠯᠵᠤ᠂ ᠴᠠᠭ ᠲᠤᠬᠠᠶ ᠳᠤᠨᠢ ᠬᠠᠮᠲᠤᠷᠠᠭᠰᠠᠨ ᠰᠣᠷᠢᠯᠲᠠ ᠬᠢᠪᠡ︔ ᠪᠡᠯᠡ ᠮᠥᠩᠭᠦ | ᠲᠠᠷᠬᠠᠭᠠᠬᠤ ᠶᠠᠪᠤᠴᠠ ᠳᠤ ᠡᠯ᠎ᠡ ᠲᠥᠷᠥᠯ ᠤᠨ ᠠᠰᠠᠭᠤᠳᠠᠯ ᠲᠤᠯᠭᠠᠷᠠᠪᠠᠯ᠂ ᠴᠠᠭ ᠲᠤᠬᠠᠶ ᠳᠤᠨᠢ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠵᠥᠭᠡᠯᠡᠨ ᠲᠣᠨᠤᠭ ᠤᠨ ᠺᠣᠮᠫᠠᠨᠢ ᠵᠢᠴᠢ ᠪᠠᠩᠬᠢ ᠶᠢᠨ ᠲᠣᠣᠷ ᠴᠡᠭ ᠲᠠᠢ | ᠨᠡᠪᠲᠡᠷᠡᠯᠴᠡᠨ ᠵᠣᠬᠢᠴᠠᠭᠤᠯᠵᠤ᠂ ᠨᠥᠬᠦᠪᠥᠷᠢ ᠶᠢᠨ ᠪᠡᠯᠡ ᠮᠥᠩᠭᠦ ᠲᠠᠷᠬᠠᠭᠠᠬᠤ ᠠᠷᠭ᠎ᠠ ᠵᠠᠮ ᠤᠨ ᠰᠠᠭᠠᠳ ᠦᠭᠡᠢ | ᠨᠡᠪᠲᠡᠷᠡᠬᠦ ᠶᠢ ᠲᠦᠷᠭᠡᠳᠬᠡᠨ ᠠᠬᠢᠭᠤᠯᠪᠠ᠃ | ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠨᠥᠬᠦᠪᠥᠷᠢ ᠶᠢᠨ ᠪᠠᠯᠠ ᠮᠥᠩᠭᠦ ᠶᠢ ᠮᠠᠯᠴᠢᠨ ᠲᠠᠷᠢᠶᠠᠴᠢᠨ ᠤ | ᠭᠠᠷ ᠲᠤ ᠣᠯᠭᠤᠬᠤ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠮᠦᠨᠡᠬᠢ | ᠬᠤᠭᠤᠴᠠᠭᠠᠨ ᠳᠤ ᠲᠤᠰᠬᠠᠶ ᠰᠡᠳᠦᠪᠲᠦ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ | ᠬᠤᠰᠢᠭᠤ ᠰᠢᠶᠠᠨ ᠲᠣᠭᠤᠷᠢᠭ ᠢ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ | ᠨᠠᠷᠢᠨ ᠲᠠᠩᠰᠠ ᠶᠢ ᠲᠦᠷᠭᠡᠨ ᠳᠡᠭᠡᠭᠰᠢ ᠮᠡᠳᠡᠭᠦᠯᠬᠦ ᠶᠢᠨ ᠬᠠᠮᠲᠤ᠂ ᠪᠠᠯᠠ ᠮᠥᠩᠭᠦ ᠲᠠᠷᠬᠠᠭᠠᠬᠤ ᠶᠠᠪᠤᠴᠠ ᠳᠤ | ᠲᠤᠯᠭᠠᠷᠠᠭᠰᠠᠨ ᠠᠰᠠᠭᠤᠳᠠᠯ ᠳᠤ ᠵᠢᠯᠣᠭᠤᠳᠣᠯᠭ᠎ᠠ ᠥᠭᠴᠦ᠂ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ | ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ |