︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠪᠦᠸᠧ ᠶᠤᠸᠠᠨ︶ ᠣᠶᠢᠷ᠎ᠠ ᠳᠤ᠂ ᠮᠠᠨ ᠤ | ᠬᠤᠲᠠ ᠲᠥᠪ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ 5000 ᠲᠦᠮᠡᠨ ᠲᠥᠭᠦᠷᠢᠭ ᠣᠯᠵᠤ᠂ ᠬᠤᠷᠢᠨᠭᠡᠷ ᠰᠢᠶᠠᠨ ᠤ ︽ | ᠡᠭᠦᠯᠡᠨ ᠬᠦᠨᠳᠡᠢ ᠶᠢᠨ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠦᠷᠢᠶᠡᠯᠡᠩ ᠤᠨ ᠳᠠᠬᠢᠯᠲᠠ ᠤᠰᠤᠨ ᠤ | ᠬᠤᠭᠤᠯᠠᠶ ᠶᠢᠨ ᠲᠣᠤᠷ ᠵᠢᠴᠢ ᠬᠥᠭᠡᠷᠭᠡ ᠶᠢᠨ ᠥᠷᠲᠡᠭᠡ ᠶᠢᠨ ᠢᠵᠢ ᠪᠥᠷᠢᠳᠦᠭᠦᠯᠬᠦ ᠰᠠᠭᠤᠷᠢ ᠪᠡᠯᠡᠳᠬᠡᠮᠵᠢ ᠶᠢ | ᠰᠢᠨ᠎ᠡ ᠪᠠᠷ ᠪᠠᠶᠢᠭᠤᠯᠬᠤ ᠢᠨᠵᠧᠨᠧᠷᠢᠩ︾ ᠢ ᠳᠡᠮᠵᠢᠬᠦ ᠳᠤ ᠬᠡᠷᠡᠭᠯᠡᠪᠡ᠃ | ᠬᠠᠲᠤᠨ ᠭᠤᠤᠯ ᠤᠨ ᠰᠠᠪᠠ ᠭᠠᠵᠠᠷ ᠪᠣᠯ ᠮᠠᠨ ᠤ ᠤᠯᠤᠰ ᠤᠨ ᠴᠢᠬᠤᠯᠠ ᠠᠮᠢ ᠠᠬᠤᠶ ᠶᠢᠨ ᠬᠠᠯᠬᠠᠪᠴᠢ ᠪᠠ | ᠠᠵᠤ ᠠᠬᠤᠶ ᠶᠢᠨ ᠪᠦᠰᠡ ᠮᠥᠨ᠂ ᠲᠡᠷᠡ ᠨᠢ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠬᠤ᠂ ᠵᠠᠮ | ᠳᠠᠭᠠᠤ ᠶᠢᠨ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠴᠢᠬᠤᠯᠠ ᠡᠭᠦᠷᠭᠡ ᠶᠢ | ᠡᠭᠦᠷᠭᠡᠯᠡᠵᠦ ᠪᠠᠶᠢᠭ᠎ᠠ ᠶᠤᠮ᠃ ᠣᠶᠢᠷ᠎ᠠ ᠶᠢᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ | ᠵᠦᠢᠯ ᠤᠨ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠨ᠂ ᠡᠳ᠋ ᠤᠨ ᠵᠠᠰᠠᠭ ᠤᠨ ᠣᠷᠣᠭᠤᠯᠤᠯᠲᠠ ᠪᠠᠨ ᠲᠠᠰᠤᠷᠠᠯᠲᠠ ᠥᠬᠡᠶ ᠨᠡᠮᠡᠭᠳᠡᠭᠦᠯᠵᠦ᠂ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢ ᠰᠡᠷᠭᠦᠭᠡᠬᠦ᠂ ᠣᠷᠴᠢᠨ ᠠᠬᠤᠶ ᠶᠢ ᠬᠠᠮᠠᠭᠠᠯᠠᠬᠤ᠂ ᠤᠰᠤᠨ ᠤ ᠡᠬᠢ ᠪᠠᠶᠠᠯᠢᠭ ᠢ | ᠡᠷᠴᠢᠮᠵᠢᠭᠦᠯᠦᠨ ᠠᠷᠪᠢᠯᠠᠨ ᠠᠰᠢᠭᠯᠠᠬᠤ᠂ ᠴᠢᠨᠠᠷ ᠰᠠᠶᠢᠲᠠᠶ ᠬᠥᠭᠵᠢᠭᠦᠯᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ | ᠳᠥᠯᠭᠢᠨ ᠠᠬᠢᠭᠤᠯᠪᠠ᠃ | 2023 ᠣᠨ ᠳᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ | ᠰᠠᠶᠢᠲᠠᠶ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠪᠠᠶᠢᠭᠤᠯᠤᠭᠰᠠᠨ ᠠᠴᠠ ᠨᠠᠭᠠᠰᠢ᠂ ᠮᠠᠨ ᠤ ᠬᠤᠲᠠ ᠨᠢᠭᠡᠨᠲᠡ | ᠬᠤᠶᠠᠷ ᠵᠢᠯ ᠳᠠᠷᠠᠭᠠᠯᠠᠨ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠨᠡᠶᠢᠲᠡ 16314 ᠲᠦᠮᠡᠨ | ᠲᠥᠭᠦᠷᠢᠭ ᠤᠨ ᠲᠤᠰᠬᠠᠶ ᠪᠠᠯᠠ ᠮᠥᠩᠭᠦ ᠶᠢ ᠤᠯᠪᠠ᠃ ᠲᠣᠰ ᠤᠳᠠᠭᠠᠨ ᠤ ᠲᠤᠰᠬᠠᠶ ᠪᠠᠯᠠ ᠮᠥᠩᠭᠦ ᠶᠢ | ᠠᠮᠵᠢᠯᠲᠠ ᠲᠠᠢ ᠣᠯᠤᠭᠰᠠᠨ ᠨᠢ ᠮᠠᠨ ᠤ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠳᠡᠮᠵᠢᠯᠭᠡ ᠬᠠᠩᠭᠠᠵᠤ᠂ ᠦᠨᠳᠦᠰᠦᠨ ᠱᠠᠲᠤᠨ ᠤ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠯᠠ ᠮᠥᠩᠭᠦ ᠶᠢᠨ ᠬᠡᠷᠡᠭᠴᠡᠭᠡ ᠪᠠ ᠡᠳ᠋ ᠤᠨ ᠬᠦᠴᠦᠨ | ᠪᠠᠴᠢᠮ ᠪᠠᠶᠢᠭ᠎ᠠ ᠪᠠᠶᠢᠳᠠᠯ ᠢ ᠶᠡᠭᠡ ᠪᠠᠷ ᠨᠠᠮᠳᠠᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠵᠤ | ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠵᠦ ᠬᠤᠤᠰ ᠠᠮᠵᠢᠯᠲᠠ ᠤᠯᠬᠤ ᠪᠣᠯᠤᠨ᠎ᠠ᠃ | ᠳᠠᠷᠠᠭᠠᠴᠢ ᠶᠢᠨ ᠠᠯᠬᠤᠮ ᠳᠤ᠂ ᠣᠷᠣᠨ ᠤ ᠲᠥᠪ ᠤᠨ ᠡᠳ᠋ ᠤᠨ ᠵᠠᠰᠠᠭ ᠡᠭᠦᠷᠭᠡ ᠴᠢᠳᠠᠪᠬᠢ ᠶᠢᠨ | ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠲᠦᠷᠦᠯ ᠵᠦᠢᠯ ᠢ ᠬᠡᠷᠡᠭᠵᠢᠭᠦᠯᠬᠦ ᠭᠠᠵᠠᠷ ᠣᠷᠣᠨ ᠪᠣᠯᠣᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠤᠰᠬᠠᠢ | ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠮᠦᠩᠭᠦ ᠪᠦᠷᠢ ᠶᠢ ᠴᠥᠮ ᠵᠠᠩᠭᠢᠯᠠᠭ᠎ᠠ ᠶᠢᠨ | ᠭᠠᠵᠠᠷ ᠲᠤ ᠬᠡᠷᠡᠭᠯᠡᠬᠦ ᠶᠢ ᠪᠠᠲᠤᠯᠠᠵᠤ᠂ ᠪᠡᠯᠡ ᠮᠥᠩᠭᠦ ᠶᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠤᠨ᠎ᠠ᠃ | ᠡᠭᠦᠨ ᠤ ᠬᠠᠮᠲᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠡᠯ᠎ᠡ ᠵᠦᠢᠯ ᠤᠨ ᠲᠦᠷᠦ ᠶᠢᠨ ᠪᠤᠳᠤᠯᠭ᠎ᠠ | ᠪᠠ ᠠᠵᠢᠯ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠨᠡᠩ ᠤᠯᠠᠨ ᠲᠦᠷᠦ ᠶᠢᠨ ᠪᠤᠳᠤᠯᠭ᠎ᠠ ᠬᠢᠭᠡᠳ ᠪᠡᠯᠡ | ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠨ᠎ᠠ᠃ |