ᠬᠥᠳᠡᠭᠡ ᠲᠣᠰᠬᠤᠨ ᠤ ᠵᠠᠰᠠᠯᠲᠠ ᠪᠣᠯ ᠤᠯᠤᠰ ᠤᠨ ᠵᠠᠰᠠᠯᠲᠠ ᠶᠢᠨ ᠰᠠᠭᠤᠷᠢ ᠮᠥᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠮᠥᠨ᠂︽ᠲᠠᠷᠢᠶᠠᠯᠠᠭᠴᠢ ᠶᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ︾ | ᠶᠢ ᠬᠡᠷᠡᠭᠵᠢᠭᠦᠯᠬᠦ ᠨᠢ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠪᠠᠲᠤ ᠪᠠᠬᠢ | ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠪᠣᠯᠣᠨ᠎ᠠ᠃ 5 ᠳ᠋ᠤᠭᠠᠷ ᠰᠠᠷ᠎ᠠ ᠶᠢᠨ 14 ᠤ ᠡᠳᠦᠷ᠂︽ᠲᠠᠷᠢᠶᠠᠯᠠᠭᠴᠢ ᠶᠢ | ᠬᠥᠭᠵᠢᠭᠦᠯᠦᠨ ᠮᠠᠨᠳᠤᠭᠤᠯᠬᠤ ᠲᠥᠯᠥᠪᠯᠡᠭᠡ︾ ᠶᠢᠨ ᠴᠢᠩ ᠱᠦᠢ ᠾᠧ ᠰᠢᠶᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠠᠰᠠᠯᠲᠠ ᠶᠢᠨ ᠭᠤᠣᠯᠯᠠᠭᠴᠢ ᠪᠣᠯᠪᠠᠰᠤᠷᠠᠯ ᠤᠨ ᠠᠩᠭᠢ ᠵᠢᠩᠬᠢᠨᠢ ᠪᠠᠷ ᠰᠤᠷᠤᠯᠭ᠎ᠠ | ᠡᠬᠢᠯᠡᠪᠡ᠃ | | | | | ︽ᠲᠠᠷᠢᠶᠠᠯᠠᠭᠴᠢᠳ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ︾ᠪᠣᠯ ᠬᠥᠳᠡᠭᠡ ᠠᠵᠤ ᠠᠬᠤᠢ ᠬᠥᠳᠡᠭᠡ | ᠲᠣᠰᠬᠤᠨ ᠤ ᠶᠠᠮᠤᠨ ᠤ ᠭᠤᠣᠯᠯᠠᠨ ᠠᠬᠢᠭᠤᠯᠤᠭᠰᠠᠨ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ | ᠪᠣᠯᠣᠨ᠎ᠠ᠂ 2022 ᠣᠨ ᠳᠤ ᠪᠦᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠰᠢ᠂ ᠨᠡᠶᠢᠭᠡᠮ ᠤᠨ ᠬᠦᠴᠦᠨ ᠢ ᠰᠠᠶᠢᠲᠤᠷ | ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ | ᠠᠬᠢᠭᠤᠯᠬᠤ ᠳᠤ ᠥᠷᠭᠡᠨ ᠳᠡᠯᠭᠡᠷ ᠨᠥᠯᠥᠭᠡ ᠦᠵᠡᠭᠦᠯᠵᠡᠢ᠃ ᠴᠢᠩ ᠱᠦᠢ ᠾᠧ ᠰᠢᠶᠠᠨ ᠤ ᠬᠢᠨ ᠲᠤᠰ ᠤᠳᠠᠭ᠎ᠠ ᠶᠢᠨ | ᠪᠣᠯᠪᠠᠰᠤᠷᠠᠯ ᠢᠶᠠᠷ ᠳᠠᠮᠵᠢᠭᠤᠯᠤᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠨᠠᠭᠰᠢᠳᠠ ᠴᠢᠩᠭᠠᠳᠬᠠᠵᠤ᠂︽ᠹᠧᠩᠴᠢᠶᠤᠤ ᠶᠢᠨ ᠲᠤᠷᠰᠢᠯᠭ᠎ᠠ︾ᠵᠡᠷᠭᠡ ᠠᠮᠵᠢᠯᠲᠠ ᠲᠠᠢ ᠲᠤᠷᠰᠢᠯᠭ᠎ᠠ ᠶᠢᠨ ᠵᠠᠭᠪᠤᠷ ᠢ | ᠳᠡᠯᠭᠡᠷᠡᠭᠦᠯᠬᠦ ᠶᠢ ᠲᠠᠰᠤᠷᠠᠯᠳᠡ ᠦᠭᠡᠢ ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠠᠭᠤᠷᠢ ᠶᠢ ᠴᠢᠷᠮᠠᠶᠢᠨ | ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ 5 ᠡᠳᠦᠷ ᠪᠣᠯᠣᠨ᠎ᠠ᠂ | ᠱᠧᠨᠵᠧᠨ ᠤ ᠳᠡᠭᠡᠳᠦ ᠳᠡᠰ ᠤᠨ ᠳᠠᠭᠠᠭᠠᠮᠠᠯ ᠤᠨ ᠰᠤᠳᠤᠯᠤᠨ ᠰᠤᠷᠤᠯᠴᠠᠬᠤ ᠬᠦᠷᠢᠶᠡᠯᠡᠩ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠬᠥᠳᠡᠭᠡ ᠲᠣᠰᠬᠤᠨ ᠤ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠵᠤᠷᠭᠠᠨ ᠵᠡᠷᠭᠡ | ᠣᠯᠠᠨ ᠭᠠᠵᠠᠷ ᠤᠨ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ᠂ ᠣᠳᠣᠬᠠᠨ ᠤ ᠬᠥᠳᠡᠭᠡ ᠲᠣᠰᠬᠤᠨ ᠤ | ᠵᠠᠰᠠᠯᠲᠠ ᠶᠢᠨ ᠭᠤᠣᠯᠳᠠᠯᠭ᠎ᠠ ᠲᠠᠢ ᠬᠠᠯᠠᠮᠰᠢᠯ ᠠᠰᠠᠭᠤᠳᠠᠯ ᠲᠠᠢ ᠨᠢᠭᠲᠠ ᠪᠦᠬᠦ ᠰᠢᠶᠠᠨ ᠤ ᠬᠥᠳᠡᠭᠡ ᠲᠣᠰᠬᠤᠨ ᠢ | ᠵᠠᠰᠠᠬᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠲᠤᠰᠬᠠᠢ ᠰᠡᠳᠦᠪᠲᠦ ᠪᠠᠷ ᠲᠠᠶᠢᠯᠤᠮᠵᠢ ᠬᠢᠬᠦ᠂ ᠬᠡᠷᠡᠭ ᠤᠨ | ᠵᠢᠱᠢᠶ᠎ᠡ ᠪᠠᠷ ᠵᠢᠭᠠᠨ ᠰᠤᠷᠭᠠᠬᠤ᠂ ᠭᠤᠣᠯ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠶᠢ ᠠᠪᠴᠤ | ᠂ ᠬᠥᠳᠡᠭᠡ ᠲᠣᠰᠬᠤᠨ ᠤ ᠵᠠᠰᠠᠯᠲᠠ ᠶᠢᠨ ᠠᠵᠢᠯ ᠤᠨ ᠠᠴᠢ ᠬᠤᠯᠪᠣᠭᠳᠠᠯ ᠪᠠ ᠴᠢᠬᠤᠯᠠ ᠴᠢᠨᠠᠷ ᠢ ᠲᠠᠶᠢᠯᠪᠤᠷᠢᠯᠠᠵᠤ᠂ | ︽ᠬᠤᠪᠢ ᠬᠤᠷᠠᠮᠳᠤᠭᠤᠯᠬᠤ ᠳᠦᠷᠢᠮ︾ ︽ᠨᠠᠷᠢᠨ ᠳᠠᠩᠰᠠ ᠶᠢᠨ ᠳᠦᠷᠢᠮ︾ ᠵᠡᠷᠭᠡ ᠪᠣᠳᠠᠲᠠᠢ ᠶᠢ ᠡᠷᠬᠢᠮᠯᠡᠭᠰᠡᠨ | ᠪᠥᠭᠡᠳ ᠲᠤᠰᠠᠲᠠᠢ ᠬᠥᠳᠡᠭᠡ ᠲᠣᠰᠬᠤᠨ ᠤ ᠵᠠᠰᠠᠯᠲᠠ ᠶᠢᠨ ᠠᠷᠭ᠎ᠠ ᠮᠠᠶ᠋ᠢᠭ ᠢ ᠲᠠᠶᠢᠯᠪᠤᠷᠢᠯᠠᠨ ᠵᠢᠭᠠᠵᠤ᠂ | ︽ᠲᠣᠰᠬᠤᠨ ᠤ ᠳᠡᠰ ᠤᠨ ᠦᠢᠯᠡᠴᠢᠯᠡᠭᠡᠨ ᠤ ᠲᠠᠪᠴᠠᠩ︾ ᠤᠨ ᠲᠣᠭᠠᠴᠢᠯᠠᠭᠰᠠᠨ ᠵᠠᠰᠠᠯᠲᠠ ᠶᠢᠨ ᠪᠠᠭᠠᠵᠢ ᠶᠢ ᠪᠣᠳᠠᠲᠠᠢ | ᠪᠣᠯᠪᠠᠰᠤᠷᠠᠭᠤᠯᠵᠤ᠂ ᠵᠠᠮ ᠤᠨ ᠰᠣᠷᠢᠯᠲᠠ ᠶᠢᠨ ᠬᠠᠷᠢᠭᠤ ᠮᠡᠳᠡᠭᠦᠯᠦᠯᠲᠡ ᠲᠠᠢ ᠬᠠᠮᠵᠢᠯᠴᠠᠨ ᠰᠤᠷᠤᠭᠴᠢᠳ ᠤᠨ ᠤᠯᠠᠨ | ᠶᠠᠩᠵᠤ ᠶᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠢᠯᠡᠷᠡᠭᠦᠯᠬᠦ ᠶᠢ ᠬᠥᠲᠥᠯᠥᠨ ᠵᠢᠯᠤᠭᠤᠳᠴᠤ᠂ ᠬᠥᠳᠡᠭᠡ | ᠲᠣᠰᠬᠤᠨ ᠤ ᠵᠠᠰᠠᠯᠲᠠ ᠶᠢᠨ ᠦᠢᠯᠡᠳᠦᠯᠭᠡ ᠶᠢᠨ ᠲᠤᠷᠰᠢᠯᠭ᠎ᠠ ᠪᠣᠯᠣᠨ ᠠᠵᠢᠯᠯᠠᠭᠠᠨ ᠤ ᠲᠥᠰᠥᠯ ᠢ ᠳᠡᠯᠭᠡᠨ | ᠦᠵᠡᠭᠦᠯᠵᠦ᠂ ᠰᠤᠷᠤᠭᠴᠢᠳ ᠲᠤ ᠰᠠᠶᠢᠨ ᠰᠠᠶᠢᠬᠠᠨ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ | ︽ᠨᠢᠭᠡ ᠬᠥᠮᠥᠨ ᠢ ᠬᠥᠮᠥᠵᠢᠭᠦᠯᠵᠦ᠂ ᠨᠢᠭᠡ ᠲᠣᠰᠬᠤᠨ ᠢ ᠳᠠᠶᠢᠴᠢᠯᠠᠬᠤ︾ᠦᠢᠯᠡᠳᠦᠯ ᠦᠵᠡᠭᠦᠯᠬᠦ ᠪᠣᠯᠣᠨ᠎ᠠ᠃ | | | | | ᠪᠦᠬᠦ ᠰᠢᠶᠠᠨ ᠤ 60 ᠭᠠᠷᠤᠢ ᠰᠢᠶᠠᠩ ᠪᠠᠯᠭᠠᠰᠤᠨ ᠤ ᠺᠠᠳ᠋ᠷ᠂ ᠲᠣᠰᠬᠤᠨ ᠤ ᠨᠠᠮ ᠤᠨ ᠡᠭᠦᠷ ᠤᠨ ᠱᠦᠵᠢ | ᠪᠣᠯᠪᠠᠰᠤᠷᠠᠯ ᠳᠤ ᠣᠷᠣᠯᠴᠠᠪᠠ᠃ |