5 ᠳ᠋ᠤᠭᠠᠷ ᠰᠠᠷ᠎ᠠ ᠶᠢᠨ 8 ᠤ ᠦᠳᠡ ᠶᠢᠨ ᠬᠤᠶᠢᠨ᠎ᠠ᠂ ᠬᠤᠩ ᠾᠧ ᠪᠠᠯᠭᠠᠰᠤ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ | ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ︵ᠥᠷᠭᠡᠳᠬᠡᠭᠰᠡᠨ︶ ᠤᠨ 2024 ᠣᠨ ᠤ ᠵᠢᠷᠭᠤᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ | ᠱᠦᠵᠢ ᠷᠧᠨ ᠬᠦᠶ ᠬᠤᠷᠠᠯ ᠡᠷᠭᠢᠯᠡᠪᠡ᠃ | ᠬᠤᠷᠠᠯ ᠠᠴᠠ︽ᠦᠨᠡᠨ︾ᠰᠡᠳᠬᠦᠯ ᠤᠨ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ︽ᠰᠣᠶᠣᠯ ᠤᠨ | ᠥᠪ ᠤᠨ ᠬᠠᠮᠠᠭᠠᠯᠠᠯᠲᠠ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠪᠠᠳᠠᠷᠠᠭᠤᠯᠤᠶ᠎ᠠ︾᠂︽ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠲᠠᠶᠢᠴᠢᠯᠠᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ | ᠢᠳᠡᠪᠬᠢᠲᠡᠢ ᠣᠷᠣᠯᠴᠠᠭᠤᠯᠤᠶ᠎ᠠ︾ᠭᠡᠬᠦ ᠴᠢᠬᠤᠯᠠ ᠵᠣᠬᠢᠶᠠᠯ ︔ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ︾︔︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠥᠭᠦᠯᠡᠯᠲᠡ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ︽ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ︾ ︽ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ︽ᠨᠡᠶᠢᠭᠡᠮ ᠵᠢᠷᠤᠮ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠵᠡᠷᠭᠡ ᠠᠭᠤᠯᠭ᠎ᠠ ᠶᠢ ᠤᠯᠠᠮᠵᠢᠯᠠᠨ | ᠰᠣᠷᠣᠯᠴᠠᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠭᠦᠨᠵᠡᠭᠡᠢ ᠰᠤᠳᠤᠯᠤᠨ ᠨᠠᠷᠢᠨ ᠤᠩᠰᠢᠵᠤ᠂ ᠭᠦᠨᠵᠡᠭᠡᠢ ᠰᠤᠷᠤᠯᠴᠠᠨ | ᠨᠠᠷᠢᠨ ᠣᠶᠢᠯᠠᠭᠠᠵᠤ᠂ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ ᠢᠶᠠᠨ ᠲᠠᠰᠤᠷᠠᠯᠲᠠ ᠦᠭᠡᠢ | ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ | ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ | ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ | ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢ ᠴᠢᠩᠭᠠᠳᠬᠠᠬᠤ ᠬᠡᠷᠡᠭᠲᠡᠢ︔ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠡᠦᠬᠡ ᠶᠢᠨ ᠵᠠᠶᠢᠯᠠᠰᠢ | ᠦᠭᠡᠢ ᠴᠢᠨᠠᠷ ᠢ ᠭᠦᠨᠵᠡᠭᠡᠢ ᠲᠠᠨᠢᠵᠤ᠂ ᠦᠨᠳᠦᠰᠦᠲᠡᠨ ᠤ ᠠᠵᠢᠯ ᠤᠨ ᠭᠤᠣᠯ ᠰᠢᠵᠢᠮ ᠢ ᠡᠷᠡᠰ ᠭᠤᠶᠢᠪᠢᠰᠢ ᠦᠭᠡᠢ | ᠠᠳᠬᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ︔ ᠲᠤᠰ ᠪᠡᠶ᠎ᠡ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ | ᠢᠲᠡᠭᠡᠮᠵᠢ ᠶᠢᠨ ᠰᠣᠶᠣᠯ ᠢ ᠢᠳᠡᠪᠬᠢᠲᠡᠢ ᠪᠣᠶᠢᠵᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠡᠳᠦᠷ | ᠳᠤᠳᠤᠮ ᠤᠨ ᠠᠵᠢᠯ ᠳᠤ ᠠᠭᠤᠰᠬᠠᠵᠤ᠂ ᠦᠨᠡᠨᠴᠢ ᠢᠲᠡᠭᠡᠮᠵᠢ ᠶᠢᠨ ᠦᠷᠳᠡᠭ ᠤᠨ ᠪᠠᠷᠢᠮᠵᠢᠶ᠎ᠠ ᠶᠢ ᠰᠡᠳᠬᠢᠯ ᠳᠡᠭᠡᠨ | ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ | ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠠᠵᠢᠯ ᠦᠢᠯᠡᠰ ᠤᠨ ᠨᠢᠭᠡᠴᠡ ᠶᠢᠨ | ᠬᠠᠷᠢᠭᠤᠴᠠᠯᠭᠠᠲᠠᠨ᠂ ᠡᠯ᠎ᠡ ᠲᠣᠰᠬᠤᠨ᠂ ᠠᠵᠤ ᠠᠬᠤᠶᠢᠯᠠᠯ ᠤᠨ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ | |