ᠪᠦᠬᠦ ᠬᠤᠲᠠ ᠶᠢᠨ ᠵᠠᠯᠠᠭᠤ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/20
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠦᠬᠦ ᠬᠤᠳᠠ ᠶᠢᠨ ᠵᠠᠯᠠᠭᠤ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠯᠠᠭᠤ ᠺᠠᠳ᠋ᠷᠴᠤᠳ ᠢ ᠰᠠᠬᠢᠯᠭ᠎ᠠ ᠪᠠᠲᠤ ᠶᠢᠨ ᠤᠬᠠᠮᠰᠠᠷ ᠂ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ ᠭᠡᠵᠦ ᠵᠣᠷᠢᠭᠵᠢᠭᠤᠯᠪᠠ᠃      ᠶᠠᠷᠢᠯᠴᠠᠬᠤ ᠬᠤᠷᠠᠯ ᠳᠡᠭᠡᠷ᠎ᠡ᠂ 20 ᠵᠠᠯᠠᠭᠤ ᠺᠠᠳ᠋ᠷᠴᠤᠳ ᠤᠨ ᠲᠥᠯᠥᠭᠡᠯᠡᠭᠴᠢ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠦᠰᠦᠨ ᠪᠤᠶᠢᠵᠢᠭᠰᠠᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ᠂ ᠡᠭᠦᠷᠭᠡ ᠲᠤᠰᠢᠶᠠᠯ ᠢᠶᠠᠨ ᠭᠦᠢᠴᠡᠳᠬᠡᠨ ᠬᠠᠷᠢᠭᠤᠴᠠᠯᠭ᠎ᠠ ᠡᠭᠦᠷᠭᠡᠯᠡᠬᠦ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠤ᠂ ᠮᠠᠨ ᠤ ᠬᠤᠲᠠ ᠶᠢᠨ ᠵᠠᠯᠠᠭᠤ ᠺᠠᠳ᠋ᠷᠴᠤᠳ ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠠᠵᠢᠯᠯᠠᠨ ᠦᠨᠡᠨᠴᠢ ᠰᠢᠳᠤᠷᠭᠤ ᠪᠠᠶᠢᠬᠤ ᠵᠠᠯᠠᠭᠤ ᠨᠠᠰᠤᠨ ᠤ ᠴᠤᠭ ᠵᠢᠪᠬᠤᠭ᠎ᠠ ᠪᠠ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠬᠦᠰᠡᠯᠡᠩ ᠬᠥᠭᠡᠭᠡᠴᠡᠯᠳᠦᠯ ᠢ ᠢᠯᠡᠷᠡᠭᠦᠯᠵᠡᠢ᠃      ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠪᠣᠣ ᠭᠠᠩ ᠬᠡᠯᠡᠬᠦ ᠳᠡᠭᠡᠨ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠮᠦᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠥᠷᠭᠡᠨ ᠣᠯᠠᠨ ᠵᠠᠯᠠᠭᠤ ᠺᠠᠳ᠋ᠷᠴᠤᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠤᠨ ᠲᠦᠷᠢᠮ︾ ᠢ ᠨᠠᠷᠢᠨ ᠬᠢᠨᠠᠮᠠᠭᠠᠶ ᠰᠤᠷᠤᠯᠴᠠᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠤᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠳᠡᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠳᠤᠮ ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭᠠᠨ ᠬᠤᠪᠢᠷᠠᠭᠤᠯᠵᠤ᠂ ᠪᠠᠭ᠎ᠠ ᠬᠡᠷᠡᠭ ᠪᠠ ᠦᠴᠦᠬᠡᠨ ᠶᠠᠪᠤᠳᠠᠯ ᠠᠴᠠ ᠡᠬᠢᠯᠡᠨ ᠰᠠᠬᠢᠵᠤ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂ ᠨᠠᠶᠢᠵᠠ ᠶᠢᠨ ᠬᠦᠷᠢᠶ᠎ᠡ ᠪᠠᠨ ᠤᠬᠠᠮᠰᠠᠷ ᠠᠴᠠ ᠪᠠᠨ ᠴᠡᠪᠡᠷᠰᠢᠭᠦᠯᠵᠦ᠂ ᠨᠢᠭᠡ ᠰᠡᠳᠬᠢᠯ ᠢᠶᠠᠷ ᠨᠡᠶᠢᠲᠡ ᠶᠢᠨ ᠲᠥᠯᠥᠭᠡ᠂ ᠲᠥᠪ ᠰᠤᠷᠲᠠᠯ ᠲᠠᠢ᠂ ᠠᠷᠢᠭᠤᠨ ᠴᠢᠬᠡᠴᠢ ᠬᠥᠮᠦᠨ ᠪᠣᠯᠬᠤ ᠬᠡᠷᠡᠭᠲᠡᠢ ᠭᠡᠪᠡ᠃      ᠪᠣᠣ ᠭᠠᠩ ᠴᠢᠬᠤᠯᠠᠴᠢᠯᠠᠬᠤ ᠳᠠᠭᠠᠨ᠂ ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ ᠂ ᠤᠷᠤᠨ ᠤ ᠲᠥᠪ ᠬᠤᠲᠠ ᠶᠢᠨ ᠵᠠᠯᠠᠭᠤ ᠺᠠᠳ᠋ᠷ ᠪᠣᠯᠤᠭᠰᠠᠨ ᠤ ᠬᠤᠪᠢ ᠳᠤ᠂ ᠤᠯᠤᠰ ᠲᠥᠷᠥ ᠶᠢᠨ ᠲᠠᠯ᠎ᠠ ᠪᠠᠷ ᠡᠷᠬᠡᠪᠰᠢ ᠰᠡᠷᠭᠡᠭ ᠦᠨᠡᠨᠴᠢ ᠰᠢᠳᠤᠷᠭᠤ ᠪᠠᠶᠢᠬᠤ ᠡᠷᠬᠢᠮᠯᠡᠵᠦ᠂ ︽ᠬᠤᠶᠠᠷ ᠢ ᠲᠤᠭᠲᠠᠭᠠᠭᠰᠠᠨ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ ᠬᠡᠷᠡᠭᠲᠡᠢ᠃ ᠠᠵᠢᠯ ᠤᠨ ᠲᠠᠯ᠎ᠠ ᠪᠠᠷ᠂ ᠡᠷᠬᠡᠪᠰᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠤ ᠣᠷᠭᠢᠯᠤᠮ᠎ᠠ ᠰᠡᠳᠬᠢᠯᠭᠡ ᠲᠠᠢ ᠪᠠᠶᠢᠵᠤ᠂ ᠵᠣᠷᠢᠭᠲᠠᠶ ᠪᠠᠷ ᠬᠦᠨᠳᠦ ᠡᠭᠦᠷᠭᠡ ᠶᠢ ᠡᠭᠦᠷᠭᠡᠯᠡᠵᠦ᠂ ᠵᠣᠷᠢᠭᠲᠠᠶ ᠪᠠᠷ ︽ᠬᠦᠴᠢᠷ ᠠᠰᠠᠭᠤᠳᠠᠯ︾ ᠢ ᠰᠢᠢᠳᠪᠦᠷᠢᠯᠡᠵᠦ᠂ ᠤᠴᠢᠷ ᠶᠠᠪᠤᠳᠠᠯ ᠲᠣᠬᠢᠶᠠᠯᠳᠤᠪᠠᠯ ᠡᠮᠦᠨ᠎ᠡ ᠬᠤᠶᠢᠨᠠᠬᠢ ᠪᠠᠨ ᠪᠣᠳᠣᠵᠤ᠂ ᠠᠶᠤᠵᠤ ᠰᠦᠷᠳᠡᠬᠦ ᠦᠭᠡᠢ ᠪᠠᠷ ᠲᠤᠰᠴᠤ ᠠᠪᠤᠭᠰᠠᠨ ᠠᠵᠢᠯ ᠳᠠᠭᠠᠨ ᠪᠦᠬᠦ ᠬᠦᠴᠦᠨ ᠢᠶᠠᠨ ᠬᠡᠷᠡᠭᠯᠡᠵᠦ᠂ ᠬᠢᠭᠰᠡᠨ ᠠᠵᠢᠯ ᠨᠢ ᠥᠪᠡᠷ ᠤᠨ ᠬᠠᠮᠤᠭ ᠤᠨ ᠥᠨᠳᠥᠷ ᠲᠦᠪᠰᠢᠨ ᠢᠶᠠᠨ ᠲᠥᠯᠥᠭᠡᠯᠡᠬᠦ ᠬᠡᠷᠡᠭᠲᠡᠶ᠃ ᠴᠢᠳᠠᠪᠤᠷᠢ ᠶᠢᠨ ᠲᠠᠯ᠎ᠠ ᠪᠠᠷ ᠡᠷᠬᠡᠪᠰᠢ ᠰᠢᠮᠳᠠᠨ ᠰᠤᠷᠤᠯᠴᠠᠵᠤ ᠴᠢᠳᠠᠮᠠᠭᠠᠶ ᠪᠠᠷ ᠰᠡᠳᠬᠢᠵᠦ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠲᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠠᠵᠢᠯ ᠤᠨ ᠪᠣᠯᠪᠠᠰᠤᠷᠠᠯ ᠢᠶᠠᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠠᠵᠤ ᠠᠬᠤᠶ ᠶᠢᠨ ᠪᠦᠳᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠴᠢᠬᠤᠯᠠ ᠶᠡᠭᠡ ᠲᠦᠷᠦᠯ ᠵᠦᠢᠯ ᠵᠡᠷᠭᠡ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠢᠯᠡᠭᠦᠬᠡᠨ ᠬᠦᠷᠴᠦ ᠰᠠᠯᠬᠢ ᠪᠣᠷᠣᠭᠠᠨ ᠢ ᠲᠤᠭᠤᠯᠵᠤ᠂ ᠤᠯᠠᠨ ᠲᠦᠮᠡᠨ ᠤ ᠳᠤᠮᠳᠠ ᠢᠯᠡᠭᠦᠬᠡᠨ ᠬᠦᠷᠴᠦ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠶ᠃ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠵᠠᠯᠠᠭᠤ ᠺᠠᠳ᠋ᠷᠴᠤᠳ ᠢ ᠢᠯᠡᠷᠡᠭᠦᠯᠬᠦ᠂ ᠬᠥᠮᠦᠵᠢᠭᠦᠯᠬᠦ᠂ ᠬᠡᠷᠡᠭᠯᠡᠬᠦ᠂ ᠰᠤᠷᠭᠠᠨ ᠬᠥᠮᠦᠵᠢᠭᠦᠯᠬᠦ᠂ ᠬᠠᠮᠢᠶᠠᠷᠬᠤ ᠵᠡᠷᠭᠡ ᠠᠵᠢᠯ ᠢ ᠰᠠᠶᠢᠲᠤᠷ ᠬᠢᠵᠦ᠂ ᠵᠠᠯᠠᠭᠤ ᠺᠠᠳ᠋ᠷᠴᠤᠳ ᠤᠨ ᠴᠢᠳᠠᠪᠤᠷᠢᠲᠠᠨ ᠪᠣᠯᠬᠤ ᠳᠤ ᠠᠵᠠ ᠲᠣᠬᠢᠶᠠᠯ ᠡᠭᠦᠳᠴᠦ᠂ ᠲᠠᠪᠴᠠᠩ ᠪᠠᠶᠢᠭᠤᠯᠵᠤ᠂ ᠣᠷᠣᠨ ᠤ ᠲᠥᠪ ᠬᠤᠲᠠ ᠶᠢᠨ ᠠᠯᠤᠰ ᠬᠡᠲᠦ ᠶᠢᠨ ᠬᠥᠭᠵᠢᠯᠲᠡ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠣᠤ ᠢᠦᠶ ᡂᠢ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1