ᠴᠢᠩ ᠱᠦᠢ ᠾᠧ ᠥᠪᠡᠷᠮᠢᠴᠡ ᠭᠠᠵᠠᠷ ᠵᠦᠢ ᠶᠢᠨ ᠣᠷᠴᠢᠨ ᠲᠣᠭᠤᠷᠢᠨ᠂ ᠭᠠᠶᠢᠬᠠᠮᠰᠢᠭᠲᠤ ᠤᠮᠠᠷᠠᠲᠤ | ᠥᠷᠭᠡᠷᠢᠭ ᠤᠨ 40 ᠭᠷᠡᠳᠦ᠋ᠰ ᠲᠤ ᠠᠮᠤ ᠪᠤᠳᠠᠭ᠎ᠠ ᠰᠢᠯᠦᠬᠡᠢ ᠪᠤᠷᠴᠠᠭ ᠵᠡᠷᠭᠡ ᠲᠠᠪᠤᠨ ᠲᠠᠷᠢᠶᠠᠨ ᠤ ᠵᠦᠢᠯ ᠠᠮᠤ ᠪᠠ | ᠬᠠᠶᠢᠲᠠᠩ ᠵᠢᠮᠢᠰ ᠵᠡᠷᠭᠡ ᠤᠷᠭᠤᠮᠠᠯ ᠤᠨ ᠡᠬᠢ ᠪᠠᠶᠠᠯᠢᠭ ᠢ ᠪᠣᠶᠢᠵᠢᠭᠤᠯᠵᠠᠢ᠃ ᠣᠶᠢᠷ᠎ᠠ ᠶᠢᠨ ᠵᠢᠯ ᠳᠤ᠂ ᠴᠢᠩ ᠱᠦᠢ | ᠾᠧ ᠰᠢᠶᠠᠨ ᠤ ᠬᠢᠨ ︽5 + 1︾ ᠶᠢᠨ ᠨᠡᠷᠡᠲᠦ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠴᠢᠩ ᠱᠦᠢ ᠾᠧ ᠶᠢᠨ ᠵᠢᠵᠢᠭ ᠦᠨᠦᠷᠲᠦ ᠠᠮᠤ᠂ ᠰᠢᠷ᠎ᠠ ᠠᠮᠤ᠂ ᠪᠤᠳᠠᠭᠠᠨ | ᠼᠤᠤ᠂ ᠬᠤᠮᠠᠨ ᠲᠣᠰᠣ᠂ ᠬᠠᠶᠢᠲᠠᠩ ᠵᠢᠮᠢᠰ ᠵᠡᠷᠭᠡ 5 ᠤᠯᠤᠰ ᠤᠨ ᠭᠠᠵᠠᠷ ᠵᠦᠢ ᠶᠢᠨ ᠲᠠᠸᠠᠷ ᠤᠨ ᠲᠡᠮᠳᠡᠭ ᠪᠠ | ᠴᠢᠩ ᠱᠦᠢ ᠾᠧ ᠶᠢᠨ ᠴᠡᠴᠡᠭᠲᠦ ᠮᠥᠭᠦ ᠶᠢᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠤ | ᠲᠣᠭᠤᠷᠢᠨ ᠳᠤ᠂ ᠪᠠᠷᠢᠮᠵᠢᠶᠠᠵᠢᠭᠤᠯᠬᠤ᠂ ᠲᠦᠷᠦᠯ ᠲᠡᠮᠳᠡᠭᠵᠢᠭᠦᠯᠬᠦ ᠪᠠᠶᠢᠭᠤᠯᠤᠯᠲᠠ ᠪᠠᠷ ᠰᠢᠪᠲᠤᠯᠤᠯᠲᠠ ᠶᠢᠨ ᠴᠡᠭ | ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠶᠢᠯᠳᠤᠬᠤ ᠪᠣᠳᠣᠯᠭ᠎ᠠ ᠪᠠᠷ | ᠲᠤᠰᠤᠯᠲᠠ ᠶᠢᠨ ᠴᠡᠭ ᠪᠣᠯᠭᠠᠵᠤ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ | ᠡᠵᠡᠩᠨᠡᠯᠲᠡ ᠪᠣᠷᠣᠯᠠᠭᠤᠯᠤᠯᠲᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠨᠠᠪᠲᠠᠷᠡᠭᠦᠯᠵᠦ᠂ ︽ᠶᠣᠣ ᠱᠠᠩ ᠲᠢᠶᠠᠨ︾ | ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠠᠬᠢᠭᠤᠯᠵᠤ ᠪᠣᠢ᠃ ︽ᠳᠤᠮᠳᠠᠳᠤ ᠤᠯᠤᠰ ᠤᠨ ᠵᠢᠵᠢᠭ ᠦᠨᠦᠷᠲᠦ ᠠᠮᠤ ᠶᠢᠨ ᠨᠤᠲᠤᠭ︾ ︽ᠳᠤᠮᠳᠠᠳᠤ ᠤᠯᠤᠰ ᠤᠨ | ᠬᠠᠷ᠎ᠠ ᠰᠢᠯᠦᠬᠡᠢ ᠶᠢᠨ ᠨᠤᠲᠤᠭ︾ ︽ᠳᠤᠮᠳᠠᠳᠤ ᠤᠯᠤᠰ ᠤᠨ ᠬᠠᠶᠢᠲᠠᠩ ᠵᠢᠮᠢᠰ ᠤᠨ ᠨᠤᠲᠤᠭ︾ ᠪᠠᠶᠢᠵᠤ᠂ ᠵᠢᠵᠢᠭ | ᠦᠨᠦᠷᠲᠦ ᠠᠮᠤ᠂ ᠰᠢᠷ᠎ᠠ ᠠᠮᠤ᠂ ᠬᠤᠮᠠᠨ ᠲᠣᠰᠣ᠂ ᠪᠤᠳᠠᠭᠠᠨ ᠼᠤᠤ᠂ ᠳ᠋ᠧᠦᠹᠦ᠋᠂ ᠬᠠᠶᠢᠲᠠᠩ ᠵᠢᠮᠢᠰ᠂ ᠬᠤᠨᠢᠨ | ᠮᠢᠬ᠎ᠠ᠂ ᠨᠦᠬᠡᠨ ᠭᠡᠷ ᠤᠨ ᠠᠷᠠᠳ ᠤᠨ ᠰᠠᠭᠤᠴᠠ ᠨᠢ ᠳᠤᠮᠳᠠᠳᠤ ᠤᠯᠤᠰ ᠤᠨ ︽ᠨᠢᠭᠡ ᠰᠢᠶᠠᠩ ᠨᠢᠭᠡ ᠦᠢᠯᠡᠳᠬᠦᠨ | ︾ ᠳᠤ ᠭᠡᠷᠡᠴᠢᠯᠡᠭᠳᠡᠪᠡ᠃ | |