︵ᠳᠠᠳᠤᠯᠭ᠎ᠠ ᠶᠢᠨ ᠰᠤᠷᠪᠤᠯᠵᠢᠯᠠᠭᠴᠢ ᠷᠦᠸᠧ ᠭᠦ᠋︶ 5 ᠳ᠋ᠤᠭᠠᠷ ᠰᠠᠷ᠎ᠠ ᠶᠢᠨ 15 ᠤ ᠡᠳᠦᠷ᠂ ᠠᠮᠢ | ᠠᠬᠤᠢ ᠶᠢᠨ ᠣᠷᠴᠢᠨ ᠲᠣᠭᠤᠷᠢᠨ ᠤ ᠶᠠᠮᠤᠨ ᠤ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ | ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠵᠡᠷᠭᠡ 8 ᠰᠠᠯᠠᠭ᠎ᠠ ᠮᠥᠴᠢᠷ ᠬᠠᠮᠲᠤᠷᠠᠨ ︽ᠠᠭᠤᠷ | ᠠᠮᠢᠰᠬᠤᠯ ᠵᠤᠬᠢᠴᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ | ᠴᠡᠭ ᠤᠨ ᠨᠡᠷᠡᠰ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠦᠬᠦ ᠤᠯᠤᠰ ᠤᠨ | 39 ᠬᠤᠲᠠ ︵ᠲᠣᠭᠤᠷᠢᠭ︶ ᠶᠢ ᠠᠭᠤᠷ ᠠᠮᠢᠰᠬᠤᠯ ᠵᠤᠬᠢᠴᠠᠬᠤ ᠬᠡᠯᠪᠡᠷᠢ ᠶᠢᠨ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠢᠶᠠᠷ ᠨᠡᠶᠢᠲᠡᠯᠡᠪᠡ᠃ ᠮᠠᠨ ᠤ ᠬᠤᠲᠠ | ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ | ᠰᠣᠩᠭᠤᠭᠳᠠᠭᠰᠠᠨ ᠬᠤᠲᠠ ᠪᠣᠯᠵᠣ᠂ ᠮᠠᠨ ᠤ ᠬᠤᠲᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ | ᠬᠤᠲᠠ ᠶᠢᠨ ᠤᠶᠠᠨ ᠬᠠᠳᠠᠨ ᠴᠢᠨᠠᠷ ᠲᠠᠢ ᠦᠷᠭᠦᠯᠵᠢᠯᠡᠨ ᠬᠥᠭᠵᠢᠬᠦ ᠶᠢ ᠠᠬᠢᠭᠤᠯᠬᠤ ᠲᠠᠯ᠎ᠠ ᠪᠠᠷ ᠴᠢᠬᠤᠯᠠ ᠨᠢᠭᠡ | ᠠᠯᠬᠤᠮ ᠢ ᠠᠯᠬᠤᠭᠰᠠᠨ ᠢ ᠬᠠᠷᠠᠭᠤᠯᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠠᠭᠤᠷ ᠠᠮᠢᠰᠬᠤᠯ ᠵᠤᠬᠢᠴᠠᠬᠤ ᠬᠡᠯᠪᠡᠷᠢ ᠶᠢᠨ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠵᠢᠯ ᠤᠨ ᠡᠭᠦᠷᠭᠡ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ | ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ | ᠠᠵᠢᠯᠯᠠᠭᠠᠨ ᠤ ᠪᠦᠲᠦᠮᠵᠢᠲᠡᠶ ᠥᠷᠨᠢᠬᠦ ᠶᠢ ᠴᠢᠩᠭᠠᠳᠬᠠᠨ᠎ᠠ᠃ ᠠᠭᠤᠷ ᠠᠮᠢᠰᠬᠤᠯ ᠵᠤᠬᠢᠴᠠᠬᠤ ᠬᠡᠯᠪᠡᠷᠢ ᠶᠢᠨ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠤᠨ ᠥᠷᠨᠢᠭᠦᠯᠵᠦ᠂ ᠪᠥᠬᠦ ᠬᠤᠲᠠ ᠶᠢᠨ ᠠᠭᠤᠷ | ᠠᠮᠢᠰᠬᠤᠯ ᠤᠨ ᠬᠤᠪᠢᠷᠠᠯᠲᠠ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠠᠭᠤᠷ ᠠᠮᠢᠰᠬᠤᠯ ᠤᠨ | ᠬᠤᠪᠢᠷᠠᠯᠲᠠ ᠶᠢᠨ ᠨᠥᠯᠥᠭᠡ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠬᠤ᠂ ᠭᠤᠤᠯᠳᠠᠯᠭ᠎ᠠ ᠲᠠᠢ | ᠬᠦᠷᠢᠶᠡᠨ ᠳᠠᠬᠢ ᠠᠭᠤᠷ ᠠᠮᠢᠰᠬᠤᠯ ᠤᠨ ᠬᠤᠪᠢᠷᠠᠯᠲᠠ ᠶᠢᠨ ᠠᠵᠢᠯᠯᠠᠭ᠎ᠠ ᠳᠤ ᠵᠣᠬᠢᠴᠠᠬᠤ ᠶᠢ ᠴᠢᠩᠭᠠᠷᠠᠭᠤᠯᠬᠤ᠂ | ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢᠨ ᠪᠠᠶᠢᠭᠤᠯᠤᠯᠲᠠ ᠶᠢ | ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ︽ᠬᠥᠬᠡᠬᠤᠲᠠ ᠶᠢᠨ ᠠᠭᠤᠷ ᠠᠮᠢᠰᠬᠤᠯ ᠵᠣᠬᠢᠴᠠᠬᠤ ᠬᠡᠯᠪᠡᠷᠢ ᠶᠢᠨ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠡᠷᠡᠭᠵᠢᠭᠦᠯᠬᠦ ᠲᠥᠰᠦᠯ︾ ᠢ ᠲᠡᠭᠦᠯᠳᠡᠷᠵᠢᠭᠦᠯᠵᠦ᠂ | ᠬᠥᠬᠡᠬᠤᠲᠠ ᠶᠢᠨ ᠠᠭᠤᠷ ᠠᠮᠢᠰᠬᠤᠯ ᠵᠣᠬᠢᠴᠠᠬᠤ ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠠᠵᠢᠯ ᠢ ᠶᠡᠬᠡᠪᠡᠷ ᠠᠬᠢᠭᠤᠯᠤᠨ᠎ᠠ᠃ |