ᠮᠠᠨ ᠤ ᠬᠤᠲᠠ 2024 ᠣᠨ ᠤ ︽5 · 18 ᠣᠯᠠᠨ ᠤᠯᠤᠰ ᠤᠨ ᠮᠦᠽᠧᠶ ᠶᠢᠨ ᠡᠳᠦᠷ︾ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/21
ᠪᠣᠣ ᠭᠠᠩ ᠣᠷᠣᠯᠴᠠᠵᠠᠢ      ︵ᠰᠤᠷᠪᠤᠯᠵᠢᠯᠠᠭᠴᠢ ᠭᠧᠩ ᠰᠢᠨ︶ 5 ᠳ᠋ᠤᠭᠠᠷ ᠰᠠᠷ᠎ᠠ ᠶᠢᠨ 18 ᠤ ᠡᠳᠦᠷ ᠪᠣᠯ 48 ᠳ᠋ᠤᠭᠠᠷ ᠣᠯᠠᠨ ᠤᠯᠤᠰ ᠤᠨ ᠮᠦᠽᠧᠶ ᠶᠢᠨ ᠡᠳᠦᠷ ᠪᠣᠯᠤᠨ᠎ᠠ᠂ ᠮᠠᠨ ᠤ ᠬᠤᠲᠠ ᠵᠣᠣ ᠵᠢᠶᠦ᠋ᠨ ᠮᠦᠽᠧᠶ ᠳᠤ 2024 ᠣᠨ ᠤ ︽5 · 18 ᠣᠯᠠᠨ ᠤᠯᠤᠰ ᠤᠨ ᠮᠦᠽᠧᠶ ᠶᠢᠨ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠥᠬᠡᠬᠤᠲᠠ ᠶᠢᠨ ᠮᠦᠽᠧᠶ ︽ᠤᠯᠤᠰ ᠤᠨ ᠨᠢᠭᠡᠳᠦᠭᠡᠷ ᠳᠡᠰ ᠤᠨ ᠮᠦᠽᠧᠶ︾ ᠪᠠᠷ ᠦᠨᠡᠯᠡᠭᠳᠡᠭᠰᠡᠨ ᠢ ᠠᠯᠪᠠᠨ ᠶᠣᠰᠣᠭᠠᠷ ᠨᠡᠶᠢᠲᠡᠯᠡᠭᠰᠡᠨ ᠪᠥᠭᠡᠳ ︽ᠦᠵᠡᠭᠦᠯᠦᠯᠭᠡ᠂  ᠬᠦᠮᠦᠵᠢᠯ᠂ ᠪᠠᠶᠠᠰᠤᠯ︾ ᠵᠡᠷᠭᠡ ᠭᠤᠷᠪᠠᠨ ᠶᠡᠭᠡ ᠰᠢᠷᠢᠰ ᠰᠣᠶᠣᠯ ᠤᠨ ᠦᠵᠡᠰᠬᠦᠯᠡᠩ ᠤᠨ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠬᠤᠲᠠ ᠶᠢᠨ ᠠᠷᠠᠳ ᠢ ᠮᠦᠽᠧᠶ ᠳᠤ ᠤᠷᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠬᠦᠯᠡᠩ ᠢᠶᠠᠷ ᠳᠠᠮᠵᠢᠨ ᠬᠥᠬᠡᠬᠤᠲᠠ ᠶᠢ ᠣᠶᠢᠯᠠᠭᠠᠵᠤ᠂ ᠬᠥᠬᠡᠬᠤᠲᠠ ᠶᠢ ᠲᠠᠨᠢᠵᠦ᠂ ᠬᠥᠬᠡᠬᠤᠲᠠ ᠶᠢ  ᠬᠠᠶᠢᠷᠠᠯᠠᠬᠤ ᠪᠤᠯᠭᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠳᠤᠮᠳᠠᠳᠤ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ ᠬᠥ᠋ ᠢᠦᠶ ᠼᠠᠢ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ᠎ᠡ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠼᠤᠤ ᡁᠢ ᠪᠠᠶᠠᠷ ᠤᠨ ᠦᠭᠡ ᠬᠡᠯᠡᠵᠡᠶ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠮᠦᠽᠧᠶ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠯᠢᠦ ᠱᠦ ᠭᠤᠸᠠᠩ᠂ ᠨᠠᠷᠢᠨ ᠪᠢᠴᠢᠭ ᠤᠨ ᠳᠠᠷᠤᠭ᠎ᠠ ᠯᠢ ᠶᠢᠨ ᠭᠤᠸᠠᠩ ᠸᠢᠳᠢᠣ᠋ ᠪᠠᠷ ᠳᠠᠮᠵᠢᠭᠤᠯᠤᠨ ᠬᠥᠬᠡᠬᠤᠲᠠ ᠶᠢᠨ ᠮᠦᠽᠧᠶ ︽ᠤᠯᠤᠰ ᠤᠨ ᠨᠢᠭᠡᠳᠦᠭᠡᠷ ᠳᠡᠰ ᠤᠨ ᠮᠦᠽᠧᠶ︾ ᠪᠠᠷ ᠦᠨᠡᠯᠡᠭᠳᠡᠭᠰᠡᠨ ᠪᠥᠭᠡᠳ ᠣᠯᠠᠨ ᠤᠯᠤᠰ ᠤᠨ ᠮᠦᠽᠧᠶ ᠶᠢᠨ ᠨᠡᠶᠢᠭᠡᠮᠯᠢᠭ ᠲᠤ ᠠᠮᠵᠢᠯᠲᠠ ᠲᠠᠢ ᠣᠷᠣᠯᠴᠠᠭᠰᠠᠨ ᠳᠤ ᠪᠠᠶᠠᠷ ᠬᠦᠷᠭᠡᠪᠡ᠃ ᠪᠣᠣ ᠭᠠᠩ ᠬᠥᠬᠡᠬᠤᠲᠠ ᠶᠢᠨ ᠮᠦᠽᠧᠢ ᠳᠤ ︽ᠤᠯᠤᠰ ᠤᠨ ᠨᠢᠭᠡᠳᠦᠭᠡᠷ ᠳᠡᠰ ᠤᠨ ᠮᠦᠽᠧᠢ︾ ᠶᠢᠨ ᠫᠠᠶᠢᠰᠠ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠸᠧᠢ ᡁᠢ ᠭᠦᠸᠧ ᠠᠴᠠ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶ ᠳᠤ ᠤᠯᠠᠨ ᠤᠯᠤᠰ ᠤᠨ ᠮᠦᠽᠧᠢ ᠶᠢᠨ ᠨᠡᠶᠢᠭᠡᠮᠯᠢᠭ ᠤᠨ ᠭᠡᠰᠢᠭᠦᠨ ᠤ ᠦᠨᠡᠮᠯᠡᠯ ᠣᠯᠭᠤᠪᠠ᠃ ᠬᠥᠬᠡᠬᠤᠲᠠ ᠶᠢᠨ ᠮᠦᠽᠧᠢ ᠪᠦᠬᠦ ᠵᠢᠯ ᠤᠨ ᠰᠣᠳᠣᠨ ᠪᠦᠲᠦᠭᠡᠯ ᠤᠨ ᠦᠵᠡᠰᠬᠦᠯᠡᠩ ᠪᠣᠯᠤᠨ ᠭᠤᠣᠯᠳᠠᠯᠭ᠎ᠠ ᠲᠠᠢ ᠨᠡᠶᠢᠭᠡᠮ ᠤᠨ ᠬᠦᠮᠦᠵᠢᠯ ᠤᠨ ᠠᠵᠢᠯᠯᠠᠭ᠎ᠠ ᠶᠢ ᠨᠡᠶᠢᠲᠡᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠬᠢᠭᠡᠳ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ︶ ᠯᠤᠭ᠎ᠠ ︽ᠬᠥᠬᠡᠬᠤᠲᠠ ᠶᠢᠨ ᠮᠦᠽᠧᠶ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠵᠢᠴᠢ ᠲᠡᠤᠬᠡ ᠶᠢᠨ ᠳᠤᠷᠠᠰᠬᠠᠯᠲᠤ ᠵᠦᠢᠯ ᠢ ᠰᠢᠯᠵᠢᠭᠦᠯᠦᠨ ᠲᠤᠰᠢᠶᠠᠬᠤ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠭᠰᠠᠨ ᠪᠥᠭᠡᠳ ᠨᠢᠭᠡᠳᠦᠭᠡᠷ ᠪᠦᠯᠦᠭ ᠤᠨ 521 ᠬᠤᠪᠢ ︵ᠢᠵᠢ︶ ᠲᠡᠤᠬᠡ ᠶᠢᠨ ᠳᠤᠷᠠᠰᠬᠠᠯᠲᠤ ᠵᠦᠢᠯ ᠤᠨ ᠨᠠᠷᠢᠨ ᠬᠠᠭᠤᠳᠠᠰᠤ ᠶᠢ ᠰᠢᠯᠵᠢᠭᠦᠯᠦᠨ ᠲᠤᠰᠢᠶᠠᠪᠠ᠃ ᠮᠠᠨ ᠤ ᠬᠤᠲᠠ ᠶᠢᠨ 10 ᠮᠦᠽᠧᠢ ᠨᠢ ︽ᠳᠤᠮᠳᠠ ᠪᠠᠭ᠎ᠠ ᠮᠦᠽᠧᠢ ᠶᠢᠨ ᠲᠤᠭᠠᠴᠢᠯᠠᠯᠲᠠ ᠪᠠᠷ ᠤᠳᠤᠳ ᠳᠦᠭᠡᠭᠡᠬᠦ ᠲᠥᠯᠥᠪᠯᠡᠭᠡ ᠳᠤ ᠬᠦᠴᠦᠨ ᠨᠡᠮᠡᠷᠢᠯᠡᠬᠦ ︾ ᠳᠤ ᠭᠠᠷ ᠤᠨ ᠦᠰᠦᠭ ᠵᠢᠷᠤᠭᠰᠠᠨ ᠤ ᠬᠠᠮᠲᠤ᠂ ᠬᠥᠬᠡᠬᠤᠲᠠ ᠶᠢᠨ ᠮᠦᠽᠧᠢ ᠶᠢᠨ ᠬᠤᠯᠪᠣᠭ᠎ᠠ ᠨᠢ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 8 ᠶᠡᠭᠡ ᠳᠡᠭᠡᠳᠦ ᠰᠤᠷᠭᠠᠭᠤᠯᠢ ᠲᠠᠢ ︽ᠮᠦᠽᠧᠢ ᠰᠤᠷᠭᠠᠭᠤᠯᠢ ᠬᠠᠮᠲᠤ ᠪᠠᠷ ᠪᠠᠢᠭᠤᠯᠬᠤ ᠨᠢᠭᠡᠴᠢ︾ ᠶᠢᠨ ᠫᠠᠢᠰᠠ ᠣᠯᠭᠤᠬᠤ ᠶᠣᠰᠣᠯᠠᠯ ᠬᠢᠪᠡ᠃      ᠡᠭᠦᠨ ᠠᠴᠠ ᠭᠠᠳᠠᠨ᠎ᠠ᠂ ᠬᠥᠬᠡᠬᠤᠲᠠ ᠶᠢᠨ ᠮᠦᠽᠧᠢ ᠪᠣᠯᠤᠨ ᠵᠣᠣ ᠵᠢᠶᠦ᠋ᠨ ᠮᠦᠽᠧᠢ ᠠᠴᠠ ᠲᠤᠰ ᠲᠤᠰ ᠭᠠᠷᠭᠠᠭᠰᠠᠨ ︽ᠵᠡᠭᠦᠨ ᠵᠸᠦ ᠶᠢᠨ ᠦᠶ᠎ᠡ ᠶᠢᠨ ᠱᠤ᠋ ᠤᠯᠤᠰ ᠤᠨ ᠰᠣᠶᠣᠯ ᠤᠨ ᠦᠵᠡᠰᠭᠦᠯᠡᠩ︾ ᠪᠣᠯᠤᠨ ︽ᠠᠳᠤᠭᠤᠨ ᠰᠣᠶᠣᠯ ᠤᠨ ᠲᠤᠰᠬᠠᠢ ᠦᠵᠡᠭᠦᠯᠦᠯᠭᠡ︾ ᠲᠤᠰ ᠡᠳᠦᠷ ᠡᠬᠢᠯᠡᠪᠡ᠃      ᠣᠶᠢᠯᠠᠭᠠᠭᠰᠠᠨ ᠢᠶᠠᠷ᠂ 2023 ᠣᠨ ᠠᠴᠠ ᠨᠠᠭᠠᠰᠢ᠂ ᠮᠠᠨ ᠤ ᠬᠤᠲᠠ ᠮᠦᠽᠧᠶ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠦᠽᠧᠶ ᠶᠢᠨ ᠦᠢᠯᠡᠰ ᠥᠷᠨᠢᠨ ᠬᠥᠭᠵᠢᠵᠦ᠂ ︽ᠤᠮᠠᠷᠠᠲᠤ ᠬᠢᠯᠢ ᠶᠢᠨ ᠮᠢᠩᠭᠠᠨ ᠣᠨ ᠤ ᠲᠦᠮᠡᠨ ᠪᠣᠳᠠᠰ︾ ᠪᠠᠷ ᠭᠤᠣᠯ ᠰᠡᠳᠦᠪ ᠪᠣᠯᠭᠠᠭᠰᠠᠨ ᠰᠢᠷᠢᠰ ᠠᠵᠢᠯᠯᠠᠭ᠎ᠠ ᠶᠢ 300 ᠭᠠᠷᠤᠢ ᠳᠠᠯᠠᠪᠠᠢ ᠤᠳᠠᠭ᠎ᠠ ᠡᠷᠬᠢᠯᠡᠵᠦ᠂ ᠬᠤᠲᠠ ᠶᠢᠨ ᠰᠢᠭᠤᠳ ᠬᠠᠷᠢᠶ᠎ᠠ 6 ᠲᠠᠯᠠᠪᠠᠢ ᠣᠷᠳᠣᠨ ᠤ ᠲᠣᠭᠤᠷᠢᠨ ᠦᠵᠡᠭᠰᠡᠨ ᠶᠡᠷᠦᠩᠬᠡᠢ ᠬᠥᠮᠥᠨ ᠤ ᠲᠤᠭ᠎ᠠ ᠨᠡᠮᠡᠭᠳᠡᠭᠡᠳ 124 ᠲᠦᠮᠡᠨ ᠬᠥᠮᠥᠨ ᠤᠳᠠᠭ᠎ᠠ ᠬᠦᠷᠴᠦ᠂ ᠳᠠᠩᠰᠠᠯᠠᠭᠤᠯᠤᠭᠰᠠᠨ ᠮᠦᠽᠧᠶ 1᠂ ᠰᠣᠶᠣᠯ ᠦᠵᠡᠰᠬᠦᠯᠡᠩ ᠤᠨ ᠲᠠᠯᠠᠪᠤᠷ ᠣᠷᠳᠣᠨ 6᠂ ᠳᠠᠩᠰᠠᠯᠠᠭᠤᠯᠤᠭᠰᠠᠨ ᠦᠵᠡᠰᠬᠦᠯᠡᠩ 23 ᠰᠢᠨ᠎ᠡ ᠪᠠᠷ ᠨᠡᠮᠡᠭᠳᠡᠵᠦ᠂ ᠢᠯᠢ ᠲᠠᠯ᠎ᠠ ᠨᠤᠲᠤᠭ ᠤᠨ ᠰᠦ ᠶᠢᠨ ᠰᠣᠶᠣᠯ ᠤᠨ ᠮᠦᠽᠧᠢ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠨᠢ ᠴᠦ           ︽ᠤᠯᠤᠰ ᠤᠨ ᠨᠢᠭᠡᠳᠦᠭᠡᠷ ᠳᠡᠰ ᠤᠨ ᠮᠦᠽᠧᠶ︾ ᠪᠠᠷ ᠠᠮᠵᠢᠯᠲᠠ ᠲᠠᠢ ᠦᠨᠡᠯᠡᠭᠳᠡᠵᠦ᠂ ᠮᠦᠽᠧᠢ ᠨᠢ ᠶᠠᠭ ᠣᠷᠣᠨ ᠤ ᠲᠥᠪ ᠬᠤᠲᠠ ᠶᠢᠨ ᠵᠢᠭᠤᠯᠴᠢᠯᠠᠯ ᠤᠨ ᠰᠢᠨ᠎ᠡ ᠭᠠᠵᠠᠷ ᠤᠨ ᠲᠡᠮᠳᠡᠭ᠂ ᠲᠡᠦᠬᠡ ᠰᠣᠶᠣᠯ ᠤᠨ ᠦᠵᠡᠭᠦᠯᠦᠯᠭᠡ ᠶᠢᠨ ᠰᠢᠨ᠎ᠡ ᠴᠣᠩᠬᠤ ᠪᠣᠯᠵᠤ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1