5 ᠳ᠋ᠤᠭᠠᠷ ᠰᠠᠷ᠎ᠠ ᠶᠢᠨ 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠲᠠᠰᠢᠷᠠᠮ ᠢᠶᠠᠷ᠂ ᠴᠢᠩ | ᠱᠦᠢ ᠾᠧ ᠰᠢᠶᠠᠨ ᠤ ᠵᠢᠦ ᠼᠠᠢ ᠵᠤᠸᠠᠩ ᠰᠢᠶᠠᠩ ᠤᠨ ᠰᠠᠨ ᠴᠠ ᠾᠧ ᠠᠮᠠᠷᠠᠯᠲᠠ ᠶᠢᠨ ᠣᠷᠣᠨ ᠡᠭᠦᠳᠡ ᠪᠠᠨ | ᠨᠡᠭᠡᠭᠡᠵᠡᠢ︕ ᠨᠡᠷᠡᠨ ᠤ ᠭᠡᠷᠡᠯ ᠳᠤᠯᠠᠭᠠᠬᠠᠨ᠂ ᠪᠠᠶᠠᠷ ᠪᠠᠶᠠᠰᠬᠤᠯᠠᠩ ᠲᠠᠢ ᠦᠶ᠎ᠡ ᠳᠤ᠂ ᠨᠢᠭᠡᠨ ᠤᠳᠠᠭᠠᠨ ᠤ ᠬᠤᠯᠠ | ᠠᠶᠠᠯᠠᠬᠤ ᠴᠢᠬᠤᠯᠠ ᠦᠭᠡᠢ ᠬᠡᠭᠡᠷ᠎ᠡ ᠪᠠᠭᠤᠳᠠᠯᠯᠠᠬᠤ ᠠᠶᠠᠯᠠᠯ ᠶᠠᠭ ᠰᠠᠶᠢᠬᠠᠨ ᠬᠦᠷᠴᠦ ᠢᠷᠡᠯ᠎ᠡ᠃ ᠬᠤᠲᠠ ᠶᠢᠨ | ᠵᠠᠬ᠎ᠠ ᠳᠤ᠂ ᠨᠢᠭᠡ ᠬᠡᠰᠡᠭ ᠴᠢᠯᠦᠭᠡᠲᠦ ᠴᠠᠭ ᠢ ᠰᠠᠭᠤᠵᠤ ᠡᠳ᠋ᠯᠡᠨ᠎ᠡ᠂ ᠶᠠᠪᠤᠨ᠎ᠠ ᠭᠡᠪᠡᠯ ᠶᠠᠪᠤᠨ᠎ᠠ ᠭᠡᠳᠡᠭ ᠬᠡᠭᠡᠷ᠎ᠡ | ᠪᠠᠭᠤᠳᠠᠯᠯᠠᠬᠤ ᠴᠤᠭᠯᠠᠭᠠᠨ ᠳᠤ ᠣᠷᠣᠯᠴᠠᠶ᠎ᠠ᠃ | | | | | | | | | | ᠰᠠᠨ ᠴᠠ ᠾᠧ ᠭᠤᠣᠯ ᠤᠨ ᠠᠮᠠᠷᠠᠯᠲᠠ ᠶᠢᠨ ᠣᠷᠣᠨ ᠪᠣᠯ ᠨᠢᠭᠡᠨ ᠰᠡᠯᠡᠭᠦᠴᠡᠯ᠂ ᠵᠤᠭ᠎ᠠ ᠴᠡᠩᠭᠡᠯ᠂ | ᠰᠢᠷᠠᠯᠭ᠎ᠠ ᠶᠢ ᠨᠢᠭᠡ ᠴᠣᠭᠴᠠᠵᠢᠭᠤᠯᠤᠭᠰᠠᠨ ᠭᠡᠷ ᠤᠨ ᠭᠠᠳᠠᠨᠠᠬᠢ ᠰᠡᠯᠡᠭᠦᠴᠡᠯ ᠤᠨ ᠠᠮᠠᠷᠠᠯᠲᠠ ᠶᠢᠨ ᠲᠣᠭᠤᠷᠢᠭ | ᠪᠣᠯᠣᠨ᠎ᠠ᠃ ᠲᠤᠬᠠᠢ ᠶᠢᠨ ᠡᠳᠦᠷ᠂ ᠵᠠᠷᠢᠮ ᠵᠤᠭᠠᠴᠠᠭᠰᠠᠳ ᠬᠠᠮᠤᠭ ᠤᠨ ᠲᠦᠷᠦᠭᠦᠨ ᠳᠤ ᠠᠮᠠᠷᠠᠯᠲᠠ ᠶᠢᠨ ᠭᠠᠵᠠᠷ ᠲᠤ | ᠢᠷᠡᠵᠦ᠂ ᠬᠡᠦᠬᠡᠳ ᠲᠠᠢ ᠪᠠᠨ ᠬᠠᠮᠲᠤ ᠬᠡᠭᠡᠷ᠎ᠡ ᠬᠤᠨᠣᠭᠯᠠᠬᠤ ᠬᠡᠭᠡᠷ᠎ᠡ ᠶᠢᠨ ᠵᠢᠭᠤᠯᠴᠢᠯᠠᠯ ᠢ ᠰᠣᠨᠢᠷᠬᠠᠨ᠂ | ᠬᠡᠦᠬᠡᠳ ᠤᠳ ᠨᠡᠷᠡᠨ ᠤ ᠬᠡᠷᠡᠯ ᠳᠤ ᠳᠤᠷ᠎ᠠ ᠲᠠᠪᠠ ᠪᠠᠷ ᠢᠶᠠᠨ ᠭᠦᠶᠦᠵᠦ᠂ ᠪᠠᠶᠠᠷ ᠬᠥᠷ ᠢᠶᠠᠷ ᠪᠢᠯᠬᠠᠵᠤ ᠪᠠᠶᠢᠯ᠎ᠠ᠃ | ᠪᠠᠭᠤᠴᠠᠨ ᠳᠠᠬᠢ ᠬᠡᠭᠡᠷ᠎ᠡ ᠪᠠᠭᠤᠳᠠᠯᠯᠠᠬᠤ ᠰᠢᠷᠠᠯᠠᠭ᠎ᠠ ᠶᠢᠨ ᠲᠣᠭᠤᠷᠢᠭ ᠲᠤ᠂ ᠵᠤᠭᠠᠴᠠᠭᠰᠠᠳ ᠲᠣᠭᠤᠷᠢᠨ ᠰᠠᠭᠤᠭᠠᠳ | ᠨᠠᠶᠢᠷᠯᠠᠨ ᠬᠥᠭᠡᠷᠦᠯᠳᠦᠵᠦ᠂ ᠠᠮᠠᠷᠠᠯᠲᠠ ᠶᠢᠨ ᠲᠣᠭᠤᠷᠢᠭ ᠢᠶᠠᠷ ᠢᠶᠠᠨ ᠰᠢᠨ᠎ᠡ ᠰᠣᠷᠭᠤᠭ ᠢᠳᠡᠭᠡᠨ ᠤ ᠮᠠᠲ᠋ᠧᠷᠢᠶᠠᠯ᠂ | ᠪᠦᠷᠢᠨ ᠭᠦᠢᠴᠡᠳ ᠰᠢᠷᠠᠯᠠᠭ᠎ᠠ ᠶᠢᠨ ᠲᠤᠨᠤᠭ ᠲᠥᠬᠦᠭᠡᠷᠦᠮᠵᠢ ᠪᠠ ᠬᠡᠷᠡᠭᠰᠡᠯ ᠢ ᠬᠠᠩᠭᠠᠵᠤ᠂ ᠬᠠᠮᠲᠤ ᠪᠠᠷ ᠭᠠᠷ | ᠬᠥᠳᠡᠯᠦᠨ ᠰᠢᠷᠠᠯᠠᠵᠤ᠂ DIY ᠶᠢᠨ ᠠᠮᠲᠠᠲᠤ ᠢᠳᠡᠭᠡᠨ ᠢᠶᠠᠨ ᠠᠮᠲᠠᠯᠠᠵᠤ᠂ ᠥᠪᠡᠷᠮᠢᠴᠡ ᠲᠠᠭᠠᠯᠠᠮᠵᠢᠲᠠᠢ ᠪᠠᠷ ᠬᠠᠯᠠᠭᠤᠨ | ᠳᠤᠯᠠᠭᠠᠨ ᠠᠮᠢᠳᠤᠷᠠᠯ ᠢᠶᠠᠨ ᠡᠳ᠋ᠯᠡᠨ᠎ᠡ᠃ | | | | | | | | | | ᠰᠠᠨ ᠴᠠ ᠾᠧ ᠭᠤᠣᠯ ᠤᠨ ᠠᠮᠠᠷᠠᠯᠲᠠ ᠶᠢᠨ ᠲᠣᠭᠤᠷᠢᠭ ᠨᠢ ᠥᠷᠭᠡᠨ ᠤᠯᠠᠨ ᠵᠤᠭᠠᠴᠠᠭᠰᠠᠳ ᠤᠨ ᠭᠤᠶᠤ | ᠰᠠᠶᠢᠬᠠᠨ ᠪᠠᠶᠢᠭᠠᠯᠢ ᠶᠢᠨ ᠦᠵᠡᠮᠵᠢ ᠶᠢ ᠡᠳ᠋ᠯᠡᠬᠦ᠂ ᠥᠪᠡᠷᠮᠢᠴᠡ ᠲᠠᠲᠠᠬᠤ ᠬᠦᠴᠦᠨ ᠲᠠᠢ ᠬᠥᠳᠡᠭᠡ ᠲᠣᠰᠬᠤᠨ ᠤ | ᠰᠣᠶᠣᠯ ᠢ ᠮᠡᠳᠡᠷᠡᠭᠦᠯᠬᠦ ᠳᠤ ᠤᠯᠠᠨ ᠶᠠᠩᠵᠤ ᠶᠢᠨ ᠰᠣᠩᠭᠤᠯᠲᠠ ᠬᠠᠩᠭᠠᠵᠤ᠂ ᠨᠡᠩ ᠤᠯᠠᠨ ᠬᠥᠮᠥᠰ ᠲᠤ ᠠᠳᠡᠬᠢ ᠶᠢ | ᠣᠶᠢᠯᠠᠭᠠᠭᠤᠯᠵᠤ᠂ ᠠᠳᠡᠬᠢ ᠶᠢ ᠬᠠᠶᠢᠷᠠᠯᠠᠵᠤ᠂ ᠴᠢᠩ ᠱᠦᠢ ᠾᠧ ᠰᠢᠶᠠᠨ ᠤ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠪᠡ᠃ |