ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ  ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ  ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠠᠳᠤᠨ ᠭᠤᠣᠯ ᠤᠨ ︽几ᠦᠰᠦᠭ ᠤᠨ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠵᠠᠢ  ᠪᠣᠣ ᠭᠠᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/5/21
     ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ᠂ ᠬᠠᠲᠤᠨ ᠭᠤᠤᠯ ᠤᠨ ︽几ᠦᠰᠦᠭ ᠤᠨ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯ ᠤᠨ ᠪᠠᠶᠢᠳᠠᠯ ᠢ ᠰᠣᠨᠣᠰᠴᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠣᠷᠣᠨ ᠤ ᠲᠥᠪ ᠬᠤᠲᠠ ᠶᠢᠨ ︽ᠭᠤᠷᠪᠠᠨ ᠬᠥᠨᠳᠡᠯᠡᠨ ᠬᠤᠶᠠᠷ ᠭᠤᠯᠳᠤ︾ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ 5A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ ᠨᠡᠩ ᠤᠯᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠰᠦᠪᠡᠭᠴᠢᠯᠡᠨ ᠭᠠᠷᠭᠠᠵᠤ᠂ ᠪᠠᠶᠠᠯᠢᠭ ᠰᠠᠶᠢᠬᠠᠨ ᠰᠣᠶᠣᠯ ᠤᠨ ᠦᠵᠡᠰᠬᠦᠯᠡᠩ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ︽ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ︾ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ︽ᠵᠢᠭᠤᠯᠴᠢᠯᠠᠬᠤ ᠳᠤ ᠲᠣᠬᠢᠷᠠᠮᠵᠢᠲᠠᠢ︾ ᠬᠤᠳᠠ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠨᠡᠬᠡᠬᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠵᠦᠢᠯ ᠤᠨ ᠲᠦᠷᠢᠮ ᠲᠣᠭᠲᠠᠭᠠᠯ ᠢ ᠲᠦᠷᠭᠡᠨ ᠴᠡᠪᠡᠷᠯᠡᠬᠦ ᠬᠡᠷᠡᠭᠲᠡᠢ︔ ᠳᠣᠲᠣᠭᠠᠳᠤ ᠭᠠᠳᠠᠭᠠᠳᠤ ᠨᠡᠭᠡᠭᠡᠯᠳᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠵᠤ ᠪᠠᠶᠢᠭ᠎ᠠ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠪᠣᠯᠤᠨ᠎ᠠ᠃ ᠨᠢᠳᠦᠨᠦᠨ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠭᠠᠨ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠤ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠲᠣᠳᠣᠷᠬᠠᠶ ᠱᠠᠭᠠᠷᠳᠠᠯᠭ᠎ᠠ ᠳᠤᠷᠠᠳᠪᠠ᠃ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠬᠠᠳᠤᠨ ᠭᠤᠣᠯ ᠤᠨ ︽几ᠦᠰᠦᠭ ᠤᠨ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠣᠷᠣᠨ ᠤ ᠲᠥᠪ ᠬᠤᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠰᠠᠶᠢᠲᠤᠷ ᠠᠳᠬᠤᠵᠤ᠂ ︽ᠤᠮᠠᠷᠠᠲᠤ ᠶᠢᠨ ᠭᠤᠷᠪᠠᠨ ᠣᠷᠣᠨ︾ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠪᠦᠰᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠠᠲᠤᠨ ᠭᠤᠤᠯ ᠤᠨ ᠰᠠᠪᠠ ᠭᠠᠵᠠᠷ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠦᠷᠭᠦᠯᠵᠢᠯᠡᠨ ᠵᠠᠰᠠᠬᠤ ᠵᠡᠷᠭᠡ ᠠᠮᠢ ᠠᠬᠤᠶ ᠶᠢᠨ ᠢᠨᠵᠧᠨᠧᠷᠢᠩ ᠢ ᠢᠳᠡᠪᠬᠢᠲᠡᠶ ᠥᠷᠨᠢᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ᠂ ᠢᠯᠴᠢ ᠶᠢ ᠬᠤᠯᠠ ᠳᠠᠮᠵᠢᠭᠤᠯᠵᠤ ᠬᠥᠬᠡᠬᠤᠲᠠ ᠳᠤ ᠠᠪᠴᠢᠷᠠᠬᠤ᠂ ︽ᠬᠠᠶᠠᠭᠳᠠᠮᠠᠯ ᠪᠣᠳᠠᠰ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠰᠠᠶᠢᠲᠤᠷ ᠠᠳᠬᠤᠵᠤ᠂ ︽ᠤᠰᠤ ᠪᠠᠷ ᠲᠦᠷᠪᠡ ᠶᠢ ᠲᠣᠭᠲᠠᠭᠠᠬᠤ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂  ᠳᠠᠬᠢᠯᠲᠠ ᠤᠰᠤ ᠶᠢ ᠠᠰᠢᠭᠯᠠᠬᠤ᠂ ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠬᠤ ᠭᠤᠷᠪᠠᠳᠤᠭᠠᠷ ᠬᠤᠭᠤᠴᠠᠭᠠᠨ ᠤ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠡᠷᠭᠡ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠡᠷᠡᠰ ᠴᠢᠩᠭ᠎ᠠ  ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠦᠨᠡᠨᠬᠦ ᠴᠡᠭᠴᠡᠯᠡᠨ ᠰᠠᠶᠢᠵᠢᠷᠠᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠤᠭᠤᠭᠠᠨ ᠴᠠᠬᠢᠯᠭᠠᠨ ᠢ ᠰᠢᠩᠭᠡᠬᠡᠨ ᠠᠪᠴᠤ ᠠᠰᠢᠭᠯᠠᠬᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠢᠮᠡᠯ ᠤᠶᠤᠨ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1