ᠬᠤᠩ ᠾᠧ ᠪᠠᠯᠭᠠᠰᠤ 2024 ᠣᠨ ᠤ 13 ᠳ᠋ᠤᠭᠠᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/22
     5 ᠳ᠋ᠤᠭᠠᠷ ᠰᠠᠷ᠎ᠠ ᠶᠢᠨ 16  ᠤ ᠦᠳᠡ ᠶᠢᠨ ᠬᠤᠶᠢᠨ᠎ᠠ᠂ ᠬᠤᠩ ᠾᠧ ᠪᠠᠯᠭᠠᠰᠤ 2024 ᠣᠨ ᠤ 13 ᠳ᠋ᠤᠭᠠᠷ ᠤᠳᠠᠭ᠎ᠠ ᠶᠢᠨ ᠨᠠᠮ ᠤᠨ ᠬᠤᠷᠢᠶ᠎ᠠ︵ᠥᠷᠭᠡᠳᠬᠡᠭᠰᠡᠨ︶ ᠶᠢᠨ ᠬᠤᠷᠠᠯ ᠢ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠷᠧᠨ ᠬᠦᠶ ᠬᠤᠷᠠᠯ ᠡᠷᠭᠢᠯᠡᠪᠡ᠃ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠪᠠᠯᠭᠠᠰᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠡᠭᠡᠵᠢᠩ ᠬᠤᠳᠠ ᠶᠢᠨ ᠪᠠ ᠳ᠋ᠠ ᠯᠢᠩ ᠤᠨ ᠤᠷᠳᠤ ᠴᠠᠭᠠᠨ ᠬᠡᠷᠡᠮ ᠤᠨ ᠬᠤᠷᠮᠣᠢ ᠳᠠᠬᠢ ᠨᠤᠲᠤᠭ ᠤᠨ ᠠᠬ᠎ᠠ ᠳᠡᠭᠦᠦ ᠨᠠᠷ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ᠂ ︽ᠦᠨᠡᠨ︾ ᠰᠡᠳᠬᠦᠯ  ᠶᠡᠷᠦᠩᠬᠡᠢ ᠱᠦᠵᠢ ᠰᠢ ᠶᠢᠨ ᠫᠢᠩ ᠤᠨ ︽ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠶ᠎ᠡ︾ᠭᠡᠬᠦ ᠴᠢᠬᠤᠯᠠ ᠵᠣᠬᠢᠶᠠᠯ ᠤᠨ ᠬᠠᠮᠢᠶ᠎ᠠ ᠪᠦᠬᠦᠢ ᠠᠭᠤᠯᠭ᠎ᠠ ᠵᠢᠴᠢ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠴᠢᠬᠤᠯᠠ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠬᠠᠢ ᠬᠤᠯᠪᠣᠭᠳᠠᠯ ᠪᠦᠬᠦᠢ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠢᠴᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯᠳᠠᠯᠭ᠎ᠠ ᠲᠠᠢ ᠠᠰᠠᠭᠤᠳᠠᠯ ᠢ ᠬᠠᠷᠭᠤᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠨᠢᠯ ᠪᠠ ᠲᠤᠰᠬᠠᠯ ᠶᠡᠬᠡᠲᠡᠢ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠤᠨ ᠪᠠ ᠡᠯ᠎ᠡ ᠱᠠᠲᠤᠨ ᠤ ᠨᠠᠮ ᠤᠨ ᠬᠤᠷᠢᠶᠠᠨ ᠤ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠠᠮᠢᠶ᠎ᠠ ᠪᠦᠬᠦᠢ ᠴᠢᠬᠤᠯᠠ ᠬᠤᠷᠠᠯ ᠪᠣᠯᠣᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠳᠦ ᠱᠠᠲᠤᠨ ᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠪᠢᠴᠢᠭ ᠤᠨ ᠠᠭᠤᠯᠠ ᠬᠤᠷᠠᠯ ᠤᠨ ᠲᠡᠯᠡᠶ ᠳᠤ ᠠᠷᠪᠢᠳᠤᠭᠰᠠᠨ᠂ ︽ᠬᠤᠷᠤᠭᠤᠨ ᠦᠵᠦᠭᠦᠷ ᠤᠨ ᠬᠡᠯᠪᠡᠷᠢ ᠶᠢᠨ ᠦᠵᠡᠯ︾᠂ ᠦᠨᠳᠦᠰᠦᠨ ᠱᠠᠲᠤᠨ ᠤ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ᠂ ︽ᠳᠤᠷ᠎ᠠ ᠪᠠᠷ ᠢᠶᠠᠨ ᠫᠠᠶᠢᠰᠠ ᠡᠯᠭᠦᠬᠦ︾ ᠵᠡᠷᠭᠡ ᠲᠠᠯ᠎ᠠ ᠶᠢᠨ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠳᠣᠷᠬᠠᠢ ᠲᠣᠭᠲᠠᠭᠠᠨ᠂ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠠᠶᠢᠩᠭᠤᠵᠢᠭᠤᠯᠵᠤ᠂ ᠵᠢᠷᠤᠮᠵᠢᠭᠤᠯᠵᠤ᠂ ᠪᠠᠷᠢᠮᠵᠢᠶᠠᠵᠢᠭᠤᠯᠤᠨ ᠥᠷᠨᠢᠭᠦᠯᠵᠦ᠂ ᠦᠨᠳᠦᠰᠦᠨ ᠱᠠᠲᠤᠨ ᠤ ︽ᠬᠦᠯᠢᠶᠡᠰᠦ ᠶᠢ ᠦᠨᠡᠨ ᠬᠦ ᠰᠤᠯᠠᠯᠠᠵᠤ︾᠂ ᠪᠥᠬᠦ ᠪᠠᠯᠭᠠᠰᠤᠨ ᠤ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠠᠵᠢᠯ ᠢ ᠰᠤᠳᠤᠯᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1