ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/23
ᠾᠧ ᠬᠠᠢ ᠳ᠋ᠦᠩ ᠬᠤᠷᠠᠯ ᠢ ᠡᠷᠬᠢᠯᠡᠵᠡᠢ       ︵ᠰᠤᠷᠪᠤᠯᠵᠢᠯᠠᠭᠴᠢ ᠯᠢᠶᠠᠩ ᠵᠢᠩ ᠱᠥ︶ 5 ᠳ᠋ᠤᠭᠠᠷ ᠰᠠᠷ᠎ᠠ ᠶᠢᠨ 21 ᠤ ᠡᠳᠦᠷ᠂ ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠭᠤᠯᠵᠤ᠂ 1—4 ᠳ᠋ᠦ᠋ᠭᠡᠷ ᠰᠠᠷ᠎ᠠ ᠶᠢᠨ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ᠂ ᠦᠢᠯᠡᠴᠢᠯᠡᠭᠡᠨ ᠤ ᠦᠢᠯᠡᠰ ᠤᠨ ᠠᠵᠢᠯᠯᠠᠭᠠᠨ ᠤ ᠪᠠᠶᠢᠳᠠᠯ ᠪᠠ 4 ᠳ᠋ᠦ᠋ᠭᠡᠷ ᠰᠠᠷ᠎ᠠ ᠶᠢᠨ ᠪᠥᠬᠦ ᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠷᠠᠯ ᠳᠡᠭᠡᠷ᠎ᠡ᠂ ᠨᠡᠷᠡᠰ ᠤᠨ ᠵᠢᠭᠰᠠᠭᠠᠯᠲᠠ ᠳᠤ ᠬᠤᠶᠢᠨ᠎ᠠ ᠤᠷᠤᠭᠰᠠᠨ ᠭᠠᠵᠠᠷ ᠣᠷᠣᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠭᠢᠯᠡᠭᠰᠡᠨ ᠪᠥᠭᠡᠳ ᠵᠠᠳᠠᠯᠤᠨ ᠦᠨᠡᠯᠡᠵᠦ ᠪᠤᠲᠠᠲᠠᠢ ᠪᠠᠶᠢᠷᠢᠯᠠᠭᠤᠯᠪᠠ᠃      ᠾᠧ ᠬᠠᠢ ᠳ᠋ᠦᠩ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠰᠠᠶᠢᠲᠤᠷ ᠬᠢᠵᠦ᠂ ᠬᠠᠷᠠᠯᠲᠠ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢ ᠴᠢᠩᠭ᠎ᠠ ᠠᠩᠬᠠᠷᠴᠤ᠂ ᠵᠢᠯᠣᠭᠤᠳᠬᠤ ᠪᠠ ᠦᠢᠯᠡᠴᠢᠯᠡᠬᠦ ᠶᠢ ᠰᠠᠶᠢᠲᠤᠷ ᠬᠢᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠪᠠᠷ ᠠᠰᠢᠭᠯᠠᠯᠲᠠ ᠳᠤ ᠤᠷᠤᠭᠤᠯᠬᠤ ᠲᠦᠷᠦᠯ ᠵᠦᠢᠯ ᠤᠨ ᠠᠯᠢ ᠲᠦᠷᠭᠡᠨ ᠢᠶᠠᠷ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ᠂ ᠰᠢᠨ᠎ᠡ ᠪᠠᠷ ᠬᠡᠪᠴᠢᠶᠡᠵᠢᠯ ᠳᠤ ᠤᠷᠤᠭᠰᠠᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠢᠳᠡᠪᠬᠢᠲᠡᠢ ᠠᠬᠢᠭᠤᠯᠵᠤ᠂ ᠪᠦᠷᠢᠳᠬᠡᠯ ᠤᠨ ᠬᠥᠮᠥᠷᠭᠡ ᠳᠤ ᠣᠷᠣᠭᠤᠯᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠦᠢᠯᠡᠴᠢᠯᠡᠭᠡᠨ ᠤ ᠦᠢᠯᠡᠰ ᠢ ᠴᠢᠩᠭ᠎ᠠ ᠠᠩᠬᠠᠷᠴᠤ᠂ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠢᠳᠡᠪᠬᠢᠲᠡᠢ ᠡᠭᠦᠳᠴᠦ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ ᠠᠬᠢᠭᠤᠯᠬᠤ ᠬᠡᠷᠡᠭᠲᠡᠢ᠃  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠩᠬᠠᠷᠴᠤ ᠂ ᠬᠢᠮᠡᠯ ᠤᠶᠤᠨ᠂ ᠮᠡᠳᠡᠭᠡ ᠵᠠᠩᠭᠢ ᠶᠢᠨ ᠮᠡᠷᠭᠡᠵᠢᠯ᠂ ᠳᠣᠣᠷ᠎ᠠ ᠤᠭᠲᠤᠷᠭᠤᠢ ᠶᠢᠨ ᠠᠵᠤ ᠠᠬᠤᠢ ᠵᠡᠷᠭᠡ ᠰᠢᠨ᠎ᠡ ᠠᠵᠤ ᠦᠢᠯᠡᠰ᠂ ᠰᠢᠨ᠎ᠡ ᠤᠷᠤᠯᠳᠤᠭᠠᠨ ᠤ ᠵᠠᠮ ᠤᠨ ᠲᠣᠭᠤᠷᠢᠨ ᠳᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠶᠢ ᠴᠢᠩᠭ᠎ᠠ ᠠᠩᠬᠠᠷᠴᠤ᠂ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ ᠡᠮᠬᠢᠯᠡᠵᠦ᠂ ︽ᠳᠠᠷᠤᠭᠳᠠᠭᠰᠠᠨ ᠬᠡᠷᠡᠭ︾ ᠶᠢ ᠢᠯᠭᠠᠷᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠳᠠᠷᠤᠢ ᠲᠦᠷᠭᠡᠨ ᠲᠤᠰᠬᠠᠯ ᠭᠠᠷᠭᠠᠬᠤ  ᠲᠣᠭᠲᠠᠴᠠ ᠶᠢ ᠲᠤᠬᠢᠷᠠᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ ᠤ ᠲᠤᠰᠬᠠᠭᠰᠠᠨ ᠲᠤᠪᠤᠶᠢᠮ᠎ᠠ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠵᠠᠩ ᠵᠢᠢ ᠹᠸᠢ᠂ ᠸᠠᠩ ᠰᠢᠨ ᠢᠦᠢ᠂ ᠨᠢᠦ ᠹᠠᠩ ᠽᠧ᠂ ᠼᠤᠤ ᡁᠢ᠂ ᠵᠢᠶᠤᠤ ᠬᠤᠩ᠂ ᠮᠠ ᠪᠢᠩ ᠴᠢᠤᠸᠠᠨ᠂ ᠹᠦ᠋ ᠶᠢᠨ ᠽᠠᠢ ᠬᠤᠷᠠᠯ ᠳᠤ ᠣᠷᠣᠯᠴᠠᠪᠠ᠃ ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1