ᠴᠢᠩ ᠱᠦᠢ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠡᠭᠦᠷ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ︾ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/23
    ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠤᠰᠠᠳᠠ᠂ 5 ᠳ᠋ᠤᠭᠠᠷ ᠰᠠᠷ᠎ᠠ ᠶᠢᠨ 16  ᠤ ᠡᠳᠦᠷ᠂ ᠴᠢᠩ ᠱᠦᠢ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠡᠭᠦᠷ ᠤᠨ ᠬᠢᠨ ᠵᠢᠨᠭᠠᠢ ᠨᠡᠶᠢᠭᠡᠮ ᠲᠣᠭᠤᠷᠢᠭ ᠲᠠᠢ ᠬᠠᠮᠲᠤᠷᠠᠨ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ︾ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃     ᠠᠵᠢᠯᠯᠠᠭ᠎ᠠ ᠶᠢᠨ ᠳᠤᠮᠳᠠ ᠡᠩ ᠲᠡᠷᠢᠭᠦᠨ ᠳᠤ ᠶᠡᠷᠦᠩᠬᠡᠢ ᠱᠦᠵᠢ ᠰᠢ ᠶᠢᠨ ᠫᠢᠩ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶ᠎ᠠ ᠶᠢ ᠰᠤᠷᠤᠯᠴᠠᠵᠤ᠂ ᠲᠠᠷᠠᠭ᠎ᠠ ᠨᠢ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾  ᠤᠨ ᠬᠡᠰᠡᠭ ᠪᠦᠯᠦᠭ ᠬᠡᠰᠡᠭ ᠢ ᠰᠤᠷᠤᠯᠴᠠᠵᠤ᠂ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠨᠡᠩ ᠭᠦᠨᠵᠡᠭᠡᠢ ᠣᠶᠢᠯᠠᠭᠠᠭᠤᠯᠵᠤ᠂ ᠨᠠᠮ ᠤᠨ ᠭᠡᠰᠢᠭᠦᠨ ᠤ ᠪᠠᠲᠤ ᠰᠠᠬᠢᠬᠤ ᠶᠣᠰᠣᠲᠠᠢ ᠵᠠᠷᠴᠢᠮ ᠤᠨ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠰᠤᠷᠤᠯᠴᠠᠯᠭ᠎ᠠ ᠳᠠᠭᠤᠰᠤᠭᠰᠠᠨ ᠤ ᠲᠠᠷᠠᠭ᠎ᠠ ᠡᠯ᠎ᠡ ᠨᠠᠮ ᠤᠨ ᠭᠡᠰᠢᠭᠦᠨ ᠺᠠᠳ᠋ᠷ ᠥᠪᠡᠷ ᠤᠨ ᠰᠣᠷᠣᠭᠰᠠᠨ ᠪᠤᠳᠤᠯ ᠲᠥᠷᠥᠭᠳᠡᠯ ᠲᠠᠢ ᠪᠠᠨ ᠤᠶᠠᠯᠳᠤᠭᠤᠯᠤᠨ ᠣᠯᠣᠯᠲᠠ ᠲᠥᠷᠥᠭᠳᠡᠯ ᠢᠶᠠᠨ ᠰᠣᠯᠢᠯᠴᠠᠵᠠᠢ᠃     ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠡᠭᠦᠷ︽ᠳᠦᠷᠢᠮ︾  ᠢ ᠤᠬᠠᠭᠤᠯᠤᠨ ᠲᠠᠶᠢᠯᠪᠤᠷᠢᠯᠠᠬᠤ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠲᠦᠷᠦ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ᠳᠡᠭᠡᠳᠦ ᠬᠡᠮᠵᠢᠶᠡᠨ ᠤ ᠤᠬᠠᠮᠰᠠᠷ ᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1