︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠠᠴᠠ ᠣᠢᠯᠠᠭᠠᠭᠰᠠᠨ ᠢᠶᠠᠷ᠂ ᠥᠨᠥᠳᠥᠷ ᠠᠴᠠ ᠡᠬᠢᠯᠡᠨ᠂ ᠪᠦᠬᠦ ᠬᠤᠲᠠ ᠶᠢᠨ ᠬᠤᠶᠠᠳᠤᠭᠠᠷ | ᠳᠡᠰ ᠠᠴᠠ ᠳᠡᠭᠡᠭᠰᠢᠬᠢ ᠠᠯᠪᠠᠨ ᠠᠴᠠ ᠪᠠᠢᠭᠤᠯᠤᠭᠰᠠᠨ ᠡᠮᠴᠢᠯᠡᠭᠡᠨ ᠤ ᠪᠠᠢᠭᠤᠯᠤᠮᠵᠢ ᠡᠭᠦᠳᠡᠨ ᠡᠮᠨᠡᠯᠭᠡ ᠶᠢᠨ ︽ᠨᠢᠭᠡ | ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ | ᠪᠦᠬᠦ ᠲᠠᠯ᠎ᠠ ᠪᠠᠷ ᠲᠤᠷᠰᠢᠨ ᠬᠡᠷᠡᠭᠵᠢᠭᠦᠯᠦᠨ᠎ᠡ᠃ | ᠣᠶᠢᠯᠠᠭᠠᠭᠰᠠᠨ ᠢᠶᠠᠷ᠂ ᠲᠣᠰ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠡᠲᠡᠭᠡᠳ ᠨᠢ ᠪᠥᠬᠦ ᠬᠤᠲᠠ ᠶᠢᠨ | ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︵ᠬᠢᠲᠠᠳ | ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠠᠭᠲᠠᠨ᠎ᠠ︶ ᠪᠠᠶᠢᠵᠤ᠂ ᠬᠤᠶᠠᠳᠤᠭᠠᠷ | ᠳᠡᠰ ᠤᠨ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠢᠳᠡᠪᠬᠢᠲᠡᠶ ᠣᠷᠣᠯᠴᠠᠬᠤ ᠶᠢ | ᠵᠣᠷᠢᠭᠵᠢᠭᠤᠯᠤᠨ᠎ᠠ᠃ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠠᠷᠠᠳ ᠲᠤ ᠠᠰᠢᠭ | ᠬᠦᠷᠲᠡᠭᠡᠬᠦ ᠠᠷᠭ᠎ᠠ ᠬᠡᠮᠵᠢᠶ᠎ᠡ ᠳᠤ ᠡᠩ ᠤᠨ ᠡᠭᠦᠳᠡᠨ ᠡᠮᠨᠡᠯᠭᠡ᠂ ᠲᠤᠰᠬᠠᠶ ᠮᠡᠷᠭᠡᠵᠢᠯᠲᠡᠨ ᠤ ᠡᠭᠦᠳᠡᠨ ᠡᠮᠨᠡᠯᠭᠡ ︵ | ᠣᠯᠠᠨ ᠰᠢᠨᠵᠢᠯᠡᠭᠡᠨ ᠤ ᠰᠠᠯᠠᠭ᠎ᠠ ᠶᠢᠨ ᠣᠨᠣᠰᠢᠯᠠᠨ ᠡᠮᠨᠡᠬᠦ ᠡᠭᠦᠳᠡᠨ ᠡᠮᠨᠡᠯᠭᠡ᠂ ᠣᠨᠴᠠ ᠬᠡᠷᠡᠭᠴᠡᠭᠡᠨ ᠤ ᠡᠭᠦᠳᠡᠨ | ᠡᠮᠨᠡᠯᠭᠡ᠂ ᠰᠠᠯᠠᠭ᠎ᠠ ᠲᠠᠰᠤᠭ ᠠᠯᠤᠰᠯᠠᠨ ᠲᠤᠰᠬᠠᠶ ᠮᠡᠷᠭᠡᠵᠢᠯ ᠠᠯᠤᠰᠯᠠᠨ ᠡᠪᠡᠳᠴᠢᠨ ᠦᠵᠡᠭᠦᠯᠬᠦ ᠶᠢ ᠪᠠᠭᠲᠠᠭᠠᠬᠤ | ᠦᠭᠡᠢ︶ ᠶᠢᠨ ᠡᠪᠡᠳᠴᠢᠲᠡᠨ ᠳᠤ ᠡᠪᠡᠳᠴᠢᠨ ᠦᠵᠡᠭᠦᠯᠦᠭᠰᠡᠨ ᠲᠤᠬᠠᠶ ᠶᠢᠨ ᠡᠳᠦᠷ ᠲᠤ ᠰᠢᠯᠭᠠᠨ ᠪᠠᠶᠢᠴᠠᠭᠠᠵᠤ᠂ | ᠪᠠᠶᠢᠴᠠᠭᠠᠯᠲᠠ ᠬᠢᠵᠦ ᠳᠠᠭᠤᠰᠬᠠᠵᠤ ᠳᠡᠶᠢᠯᠬᠦ ᠥᠬᠡᠶ ᠪᠤᠶᠤ ᠮᠡᠳᠡᠭᠦᠯᠦᠯᠲᠡ ᠣᠯᠵᠤ ᠳᠡᠶᠢᠯᠬᠦ ᠥᠬᠡᠶ ᠪᠠᠶᠢᠪᠠᠯ᠂ | ᠭᠤᠷᠪᠠᠨ ᠡᠳᠦᠷ ᠤᠨ ᠳᠣᠲᠣᠷ᠎ᠠ ︵ᠠᠩᠬ᠎ᠠ ᠤᠳᠠᠭ᠎ᠠ ᠡᠮᠨᠡᠭᠦᠯᠦᠭᠰᠡᠨ ᠡᠳᠦᠷ ᠪᠠᠭᠲᠠᠨ᠎ᠠ︶᠂ ᠪᠠᠶᠢᠴᠠᠭᠠᠬᠤ᠂ ᠰᠢᠯᠭᠠᠨ | ᠪᠠᠶᠢᠴᠠᠭᠠᠭᠰᠠᠨ ᠦᠷ᠎ᠡ ᠳ᠋ᠦᠩ ᠢᠶᠠᠨ ᠠᠪᠴᠤ ᠠᠳᠠᠯᠢ ᠨᠢᠭᠡ ᠡᠮᠨᠡᠯᠭᠡ ᠶᠢᠨ ᠲᠣᠭᠤᠷᠢᠭ᠂ ᠠᠳᠠᠯᠢ ᠨᠢᠭᠡ ᠰᠠᠯᠠᠭ᠎ᠠ | ᠲᠠᠰᠤᠭ ᠲᠤ ᠪᠤᠴᠠᠨ ︵ᠳᠠᠬᠢᠨ︶ ᠡᠮᠨᠡᠭᠦᠯᠬᠦ ᠦᠶ᠎ᠡ ᠳᠤ ᠡᠭᠦᠳᠡᠨ ᠡᠮᠨᠡᠯᠭᠡ ᠶᠢᠨ ᠪᠠᠶᠢᠴᠠᠭᠠᠬᠤ ᠵᠠᠷᠤᠳᠠᠯ ︵ | ᠳ᠋ᠤᠭᠠᠷᠯᠠᠬᠤ ᠵᠠᠷᠤᠳᠠᠯ︶ ᠲᠤᠰᠢᠶᠠᠬᠤ ᠠᠴᠠ ᠬᠡᠯᠲᠦᠷᠢᠭᠦᠯᠦᠨ᠎ᠡ᠃ ᠡᠪᠡᠳᠴᠢᠲᠡᠨ ᠡᠯ᠎ᠡ ᠡᠮᠴᠢᠯᠡᠭᠡᠨ ᠤ | ᠪᠠᠶᠢᠭᠤᠯᠤᠮᠵᠢ ᠶᠢᠨ ᠬᠠᠩᠭᠠᠭᠰᠠᠨ ᠡᠮᠨᠡᠬᠦ ᠲᠠᠰᠤᠯᠭ᠎ᠠ᠂ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ | ᠲᠥᠪ᠂ ᠢᠨᠲ᠋ᠧᠷ ᠰᠦᠯᠵᠢᠶ᠎ᠡ ᠪᠠᠷ ᠣᠨᠣᠰᠢᠯᠠᠨ ᠡᠮᠨᠡᠬᠦ ᠵᠡᠷᠭᠡ ᠣᠯᠠᠨ ᠵᠦᠢᠯ ᠤᠨ ᠪᠣᠯᠵᠣᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠪᠤᠴᠠᠨ ︵ᠳᠠᠬᠢᠨ︶ ᠡᠮᠨᠡᠭᠦᠯᠬᠦ ᠳ᠋ᠤᠭᠠᠷ ᠣᠯᠵᠤ᠂ ᠦᠷᠭᠦᠯᠵᠢᠯᠡᠨ ᠪᠦᠲᠦᠮᠵᠢᠲᠡᠶ ᠣᠨᠣᠰᠢᠯᠠᠨ | ᠵᠠᠰᠠᠵᠤ ᠪᠣᠯᠤᠨ᠎ᠠ᠃ ᠬᠡᠷᠪᠡ ᠨᠢᠭᠡᠳᠦᠭᠡᠷ ᠤᠳᠠᠭᠠᠨ ᠤ ᠣᠨᠣᠰᠢᠯᠠᠨ ᠡᠮᠨᠡᠬᠦ ᠠᠵᠢᠯ ᠨᠢᠭᠡᠨᠲᠡ ᠳᠠᠭᠤᠰᠤᠭᠰᠠᠨ ᠪᠤᠯ᠂ | ᠳᠠᠬᠢᠨ ᠦᠷᠭᠦᠯᠵᠢᠯᠡᠨ ᠡᠮᠨᠡᠨ ᠵᠠᠰᠠᠬᠤ ᠳᠠᠭᠠᠨ ᠳᠠᠬᠢᠵᠤ ᠳ᠋ᠤᠭᠠᠷᠯᠠᠬᠤ ᠬᠡᠷᠡᠭᠲᠡᠶ᠃ |