5 ᠳ᠋ᠤᠭᠠᠷ ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠴᠢᠩ ᠱᠦᠢ ᠾᠧ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ | ᠬᠤᠷᠢᠶᠠᠨ ᠤ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠪᠠ᠃ ᠤᠯᠤᠰ ᠲᠦᠷᠦ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠳ᠋ᠦ᠋ ᠬᠦᠢ ᠵᠦᠩ ᠬᠤᠷᠠᠯ ᠢ ᠡᠷᠬᠢᠯᠡᠪᠡ᠃ | | | | | ᠬᠤᠷᠠᠯ ᠠᠴᠠ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠶᠢᠰᠦᠳᠦᠭᠡᠷ ᠤᠳᠠᠭᠠᠨ ᠤ ᠬᠤᠷᠠᠯ ᠤᠨ ᠵᠥᠪᠯᠡᠬᠦ ᠵᠦᠢᠯ ᠪᠠ ᠶᠡᠷᠦᠩᠬᠡᠢ ᠱᠦᠵᠢ ᠰᠢ ᠶᠢᠨ | ᠫᠢᠩ ᠤᠨ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠭᠰᠠᠨ ᠬᠤᠭᠤᠴᠠᠭᠠᠨ ᠳᠠᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠢᠴᠢᠭ ᠢᠶᠠᠷ ᠰᠤᠷᠤᠯᠴᠠᠪᠠ︔ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠥᠬᠦ ᠤᠯᠤᠰ ᠤᠨ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠤᠷᠠᠯ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ | ᠤᠳᠠᠭᠠᠨ ᠤ ᠬᠤᠷᠠᠯ ᠤᠨ ᠶᠠᠷᠢᠶᠠᠨ ᠤ ᠵᠣᠷᠢᠭ ᠰᠠᠨᠠᠭ᠎ᠠ ᠪᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ | ᠭᠡᠷ ᠤᠨ ︽2024 ᠣᠨ ᠤ 1 ︱ 3 ᠳ᠋ᠤᠭᠠᠷ ᠰᠠᠷ᠎ᠠ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ | ᠮᠡᠳᠡᠭᠡ ᠵᠠᠩᠭᠢ ᠶᠢ ᠮᠡᠳᠡᠭᠦᠯᠦᠨ ᠬᠦᠷᠭᠡᠭᠰᠡᠨ ᠪᠠ ᠬᠡᠷᠡᠭᠯᠡᠭᠰᠡᠨ ᠪᠠᠶᠢᠳᠠᠯ ᠤᠨ ᠲᠤᠬᠠᠢ ᠮᠡᠳᠡᠭᠡᠯᠡᠯ︾ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠣᠯᠳᠠᠯᠭ᠎ᠠ︾ ᠶᠢ ᠤᠯᠠᠮᠵᠢᠯᠠᠨ ᠰᠤᠷᠤᠯᠴᠠᠪᠠ︔ | ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠠᠵᠢᠯ | ᠵᠢᠴᠢ 2024 ᠣᠨ ᠤ ᠪᠦᠬᠦ ᠵᠢᠯ ᠤᠨ ᠭᠤᠣᠯ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ 2024 ᠣᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ | ᠬᠢᠬᠦ ᠳᠤ᠂ ᠡᠯ᠎ᠡ ᠪᠠᠶᠢᠩᠭᠤ ᠶᠢᠨ ᠭᠡᠰᠢᠭᠦᠳ ᠣᠨ ᠤ ᠠᠵᠢᠯ ᠤᠨ ᠡᠭᠦᠷᠭᠡ ᠪᠣᠯᠣᠨ ᠣᠨ ᠤ ᠵᠥᠪᠯᠡᠯᠭᠡ᠂ | ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠢ ᠵᠥᠪᠯᠡᠬᠦ ᠪᠠᠶᠢᠴᠠᠭᠠᠨ ᠰᠤᠳᠤᠯᠤᠯᠲᠠ ᠶᠢᠨ | ᠲᠥᠯᠥᠪᠯᠡᠭᠡ ᠶᠢ ᠥᠨᠳᠥᠷ ᠪᠠᠷᠢᠮᠵᠢᠶ᠎ᠠ ᠪᠠᠷ ᠴᠢᠩᠭ᠎ᠠ ᠱᠠᠭᠠᠷᠳᠠᠵᠤ᠂ ᠲᠤᠰᠬᠠᠢ ᠰᠡᠳᠦᠪᠲᠦ ᠵᠥᠪᠯᠡᠯᠭᠡ ᠪᠣᠯᠣᠨ ᠲᠤᠰᠬᠠᠢ | ᠰᠡᠳᠦᠪᠲᠦ ᠪᠠᠶᠢᠴᠠᠭᠠᠨ ᠰᠤᠳᠤᠯᠤᠯᠲᠠ ᠬᠢᠬᠦ᠂ ᠰᠠᠨᠠᠯ ᠳᠤᠷᠠᠳᠤᠯᠭ᠎ᠠ ᠳᠤ ᠬᠢᠨᠠᠯᠲᠠ ᠲᠠᠯᠪᠢᠬᠤ ᠵᠡᠷᠭᠡ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠵᠤ᠂ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠵᠦ᠂ ᠴᠢᠨᠠᠷ ᠰᠠᠶᠢᠲᠠᠢ | ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠦᠷ᠎ᠡ ᠪᠦᠲᠦᠭᠡᠯ ᠢ ᠪᠦᠷᠢᠯᠳᠦᠭᠦᠯᠦᠭᠰᠡᠨ ᠰᠠᠭᠤᠷᠢᠨ ᠳᠡᠭᠡᠷ᠎ᠡ | ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠳᠤᠷᠠᠳᠤᠭᠰᠠᠨ ︽ᠤᠯᠤᠰ ᠲᠦᠷᠦ ᠶᠢᠨ ᠵᠥᠪᠯᠡᠯᠭᠡᠨ ᠢ | ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠵᠠᠰᠠᠭ ᠤᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ᠂ ᠰᠠᠬᠢᠯᠭ᠎ᠠ ᠪᠠᠲᠤ ᠶᠢ | ᠰᠠᠬᠢᠬᠤ᠂ ᠶᠣᠰᠣ ᠳᠦᠷᠢᠮ ᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ︾ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠭᠡᠰᠢᠭᠦᠳ ᠤᠨ ᠶᠡᠷᠦᠩᠬᠡᠢ ᠬᠡᠪ ᠴᠢᠨᠠᠷ ᠢ ᠨᠡᠩ ᠰᠠᠶᠢᠨ ᠳᠡᠭᠡᠭᠰᠢᠯᠡᠭᠦᠯᠵᠦ᠂ ᠭᠡᠰᠢᠭᠦᠳ ᠤᠨ | ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠦᠨᠳᠦᠰᠦ ᠰᠠᠭᠤᠷᠢ ᠶᠢ ᠪᠠᠬᠢᠵᠢᠭᠦᠯᠬᠦ᠂ | ᠳᠠᠪᠠᠭᠤᠯᠢᠭ ᠢ ᠪᠠᠳᠠᠷᠠᠭᠤᠯᠬᠤ᠂ ᠳᠤᠲᠠᠭᠤᠳᠠᠯ ᠢ ᠨᠥᠬᠦᠪᠦᠷᠢᠯᠡᠬᠦ᠂ ᠬᠦᠴᠦᠷᠬᠡᠭ ᠪᠠᠭᠤᠷᠠᠢ ᠶᠢ ᠨᠥᠬᠦᠪᠦᠷᠢᠯᠡᠬᠦ ᠶᠢ | ᠪᠣᠳᠣᠯᠬᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠦᠷᠢᠮ ᠲᠣᠭᠲᠠᠴᠠ ᠶᠢ | ᠲᠡᠭᠦᠯᠳᠡᠷᠵᠢᠭᠦᠯᠵᠦ᠂ ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢᠨ ᠠᠵᠢᠯ ᠲᠠᠢ ᠤᠶᠠᠯᠳᠤᠭᠤᠯᠵᠤ᠂ ᠰᠠᠨᠠᠯ ᠳᠤᠷᠠᠳᠤᠯᠭ᠎ᠠ ᠶᠢᠨ ᠠᠵᠢᠯ ᠤᠨ ᠶᠠᠰᠤ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ | ᠪᠠᠶᠢᠳᠠᠯ ᠢ ᠡᠭᠦᠳᠴᠦ᠂ ᠴᠢᠩ ᠱᠦᠢ ᠾᠧ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ |