ᠴᠢᠩ ᠱᠦᠢ ᠾᠧ ᠰᠢᠶᠠᠨ᠄ ︽520︾ ᠥᠴᠥᠬᠡᠨ ᠳᠦᠭᠦᠷᠡᠩ ᠲᠠᠢ ᠲᠠᠭᠠᠷᠠᠵᠤ ᠴᠢᠩ ᠱᠦᠢ ᠾᠧ ᠰᠢᠶᠠᠨ ᠤ ᠣᠷᠤᠭ ᠤᠨ ᠪᠦᠷᠢᠳᠬᠡᠯ ᠤᠨ ᠪᠠᠶᠢᠭᠤᠯᠭ᠎ᠠ ᠬᠠᠶᠢᠷ᠎ᠠ ᠶᠢᠨ ᠠᠶᠠᠯᠠᠯ ᠢ ᠬᠠᠮᠠᠭᠠᠯᠠᠪᠠ
ᠨᠡᠶᠢᠲᠡᠯᠡᠭᠰᠡᠨ ᠴᠠᠭ᠄
2024/5/27
      ︽5.20︾ ᠪᠣᠯ ᠪᠢᠯᠢᠭ ᠤᠨ ᠤᠯᠠᠷᠢᠯ ᠤᠨ13/14 ᠶᠣᠭᠲᠠ ᠤᠳᠬ᠎ᠠ ᠨᠢ︽ᠨᠢᠭᠡ ᠨᠠᠰᠤᠨ ᠤ︾  ᠭᠡᠳᠡᠭ᠂ ᠡᠨᠡ ᠬᠦ ᠬᠤᠣᠰ ᠷᠣᠮᠠᠨᠲ᠋ᠢᠭ ᠰᠠᠶᠢᠬᠠᠨ ᠡᠳᠦᠷ ᠤᠳ ᠲᠤ ᠣᠯᠠᠨ ᠠᠮᠠᠷᠠᠭ ᠬᠤᠣᠰ ᠤᠨ ᠪᠠᠭ᠋ᠠᠷᠬᠠᠯ ᠢ ᠲᠠᠲᠠᠵᠤ᠂ ᠴᠥᠭᠡᠨ ᠪᠤᠰᠤ ᠠᠮᠠᠷᠠᠭ ᠬᠤᠣᠰ ᠤᠳ ᠡᠨᠡ ᠡᠳᠦᠷ ᠲᠤ ᠦᠨᠡᠮᠯᠡᠯ ᠠᠪᠬᠤ ᠶᠢ ᠣᠨᠴᠠᠭᠠᠶᠢᠯᠠᠨ ᠰᠣᠩᠭᠤᠭᠰᠠᠨ ᠲᠡᠭᠦᠰ ᠰᠠᠶᠢᠬᠠᠨ ᠶᠣᠭᠲᠠ ᠤᠳᠬ᠎ᠠ ᠨᠡᠮᠡᠷᠢᠯᠡᠭᠰᠡᠨ ᠪᠠᠶᠢᠨ᠎ᠠ᠃ ᠴᠢᠩ ᠱᠦᠢ ᠾᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ︽5.20︾  ᠤ ᠡᠨᠡᠬᠦ ᠳᠤᠷᠠᠰᠬᠠᠯ ᠤᠨ ᠠᠴᠢ ᠬᠤᠯᠪᠣᠭᠳᠠᠯ ᠲᠠᠢ ᠡᠳᠦᠷ ᠢ ᠦᠨᠡᠨᠬᠦ ᠪᠠᠲᠤᠯᠠᠬᠤ ᠶᠢᠨ ᠲᠥᠯᠥᠭᠡ᠂ ᠤᠷᠢᠳᠴᠢᠯᠠᠨ ᠨᠢᠭᠡᠳᠦᠯᠲᠡᠢ ᠲᠥᠯᠥᠪᠵᠢᠭᠦᠯᠵᠦ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ᠂ ᠪᠡᠶ᠎ᠡ ᠶᠢᠨ ᠦᠨᠡᠮᠯᠡᠯ ᠤᠩᠰᠢᠬᠤ ᠮᠠᠰᠢᠨ ᠵᠡᠷᠭᠡ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠪᠦᠬᠦ ᠲᠠᠯ᠎ᠠ ᠪᠠᠷ ᠰᠡᠯᠪᠢᠨ ᠵᠠᠰᠠᠵᠤ᠂ ᠪᠦᠷᠢᠳᠬᠡᠯ ᠤᠨ ᠲᠥᠬᠦᠭᠡᠷᠦᠮᠵᠢ ᠶᠢ ᠰᠠᠭᠠᠳ ᠦᠭᠡᠢ ᠠᠵᠢᠯᠯᠠᠭᠤᠯᠬᠤ ᠶᠢ ᠪᠠᠲᠤᠯᠠᠪᠠ︔ ᠣᠷᠤᠭ ᠤᠨ ᠳᠠᠩᠰᠠᠯᠠᠯᠲᠠ ᠶᠢᠨ ᠦᠨᠡᠮᠯᠡᠯ ᠠᠪᠬᠤ ᠶᠡᠭᠡ ᠲᠢᠩᠬᠢᠮ ᠤᠨ ᠺᠠᠷᠲ ᠪᠦᠷᠢᠳᠬᠡᠭᠦᠯᠬᠦ ᠠᠷᠤ ᠬᠡᠷᠡᠮ ᠢ ᠴᠢᠮᠡᠭᠯᠡᠵᠦ᠂ ᠰᠢᠨ᠎ᠡ ᠬᠥᠮᠥᠨ ᠳᠤ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠨ᠎ᠡ᠃ ᠡᠭᠦᠨ ᠤ ᠵᠡᠷᠭᠡ ᠳᠤ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠦᠨ᠂ ᠠᠵᠢᠯᠲᠠᠨ ᠤ ᠡᠩᠨᠡᠭᠡ ᠶᠢᠨ ᠬᠦᠴᠦᠨ ᠢ ᠲᠡᠭᠦᠯᠳᠡᠷᠵᠢᠭᠦᠯᠵᠦ᠂ ᠡᠨᠡ ᠡᠳᠦᠷ ᠲᠤ ᠴᠠᠭ  ᠢ ᠤᠷᠲᠤᠳᠬᠠᠬᠤ ᠦᠢᠯᠡᠴᠢᠯᠡᠭᠡ ᠬᠠᠩᠭᠠᠵᠤ᠂ ᠪᠦᠬᠦ ᠠᠵᠢᠯᠲᠠᠳ ᠠᠵᠢᠯ ᠤᠨ ᠪᠠᠶᠢᠷᠢ ᠳᠤ ᠤᠷᠢᠳᠴᠢᠯᠠᠨ ᠬᠦᠷᠴᠦ᠂ ᠦᠳᠡ ᠶᠢᠨ ᠠᠮᠠᠷᠠᠯᠲᠠ ᠶᠢ ᠬᠦᠴᠦᠨ ᠦᠭᠡᠢ ᠪᠣᠯᠭᠠᠵᠤ᠂ ᠴᠠᠭ ᠨᠡᠮᠡᠵᠦ ᠠᠵᠢᠯᠯᠠᠨ ᠰᠢᠨ᠎ᠡ ᠬᠥᠮᠥᠨ ᠳᠤ ᠪᠦᠷᠢᠳᠬᠡᠭᠦᠯᠬᠦ ᠭᠠᠷ ᠭᠦᠢᠴᠡᠳᠬᠡᠯ ᠬᠢᠵᠦ ᠥᠭᠪᠡ᠃      ᠴᠢᠩ ᠱᠦᠢ ᠾᠧ ᠰᠢᠶᠠᠨ ᠤ ᠣᠷᠤᠭ ᠤᠨ ᠪᠦᠷᠢᠳᠬᠡᠯ ᠤᠨ ᠲᠥᠪ 5 ᠳ᠋ᠤᠭᠠᠷ ᠰᠠᠷ᠎ᠠ ᠶᠢᠨ 20 ᠤ ᠡᠳᠦᠷ ᠪᠣᠯᠣᠨ 5 ᠳ᠋ᠤᠭᠠᠷ ᠰᠠᠷ᠎ᠠ ᠶᠢᠨ 21 ᠤ ᠡᠳᠦᠷ ᠤᠨ ᠬᠤᠶᠠᠷ ᠡᠳᠦᠷ ᠲᠤ ᠨᠡᠶᠢᠲᠡ 39 ᠬᠤᠣᠰ ᠰᠢᠨ᠎ᠡ ᠬᠥᠮᠥᠨ ᠳᠤ ᠣᠷᠤᠭ ᠤᠨ ᠪᠦᠷᠢᠳᠬᠡᠯ ᠬᠢᠵᠦ ᠥᠭᠭᠦᠭᠡᠳ᠂ ᠰᠢᠨ᠎ᠡ ᠬᠥᠮᠥᠨ ᠨᠢᠭᠡᠪᠦᠷᠢ ᠶᠢ ᠵᠣᠯ ᠵᠢᠷᠭᠠᠯ ᠲᠠᠢ᠂ ᠰᠡᠳᠬᠢᠯ ᠬᠠᠨᠤᠮᠵᠢᠲᠠᠶ ᠪᠣᠯᠭᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1