ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠠᠵᠢᠯ ᠢ ᠴᠢᠩᠭᠠᠳᠬᠠᠨ᠂ ᠪᠠᠴᠢᠮ ᠪᠠᠶᠢᠳᠠᠯ ᠢ | ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ | ᠨᠠᠶᠢᠳᠠᠪᠤᠷᠢᠵᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠠᠴᠠ ᠪᠣᠯᠬᠤ ᠬᠤᠣᠷ ᠬᠥᠨᠥᠭᠡᠯ ᠢ ᠪᠠᠭᠠᠰᠬᠠᠨ᠂ | ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ | ᠪᠠᠲᠤᠯᠠᠬᠤ ᠶᠢᠨ ᠲᠤᠰᠠᠳᠠ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ︽ᠬᠥᠬᠡᠬᠤᠲᠠ ᠶᠢᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠳᠤ ᠵᠠᠰᠠᠪᠤᠷᠢ ᠣᠷᠣᠭᠤᠯᠪᠠ᠃ | ᠬᠤᠶᠠᠷ᠂ ᠵᠠᠰᠠᠪᠤᠷᠢ ᠣᠷᠣᠭᠤᠯᠤᠭᠰᠠᠨ ᠦᠨᠳᠦᠰᠦᠯᠡᠯ | ︽ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠲᠣᠭᠲᠠᠴᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠲᠤᠬᠠᠢ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠵᠢᠯᠤᠭᠤᠳᠬᠤ ᠰᠠᠨᠠᠯ︾ ︵ᠣᠷᠴᠢᠨ | ᠲᠣᠭᠤᠷᠢᠨ ᠠᠭᠠᠷ ᠮᠠᠨᠳᠠᠯ ﹇2024﹈ 6 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︵2024 | ᠣᠨ ᠤ ᠬᠡᠪᠯᠡᠯ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 17 ᠳ᠋ᠤᠭᠠᠷ ᠲᠣᠭᠠᠲᠤ︶᠃ | ᠭᠤᠷᠪᠠ᠂ ᠵᠠᠰᠠᠪᠤᠷᠢ ᠣᠷᠣᠭᠤᠯᠤᠭᠰᠠᠨ ᠠᠭᠤᠯᠭ᠎ᠠ | ︵ᠨᠢᠭᠡ︶ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠬᠦ ᠨᠥᠬᠦᠴᠡᠯ ᠳᠤ | ᠲᠣᠬᠢᠷᠠᠭᠤᠯᠤᠯᠲᠠ ᠬᠢᠪᠡ᠃ | ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ᠃ ᠵᠢᠱᠢᠯᠲᠡ ᠪᠠᠷ AQI ᠶᠢᠨ ᠡᠳᠦᠷ ᠤᠨ ᠳᠤᠮᠳᠠᠴᠢ | ᠬᠡᠮᠵᠢᠭᠳᠡᠯ > 200 ᠬᠦᠷᠬᠦ ᠪᠠᠶᠢᠳᠠᠯ 2 ᠡᠳᠦᠷ ︵48 ᠴᠠᠭ︶ ᠪᠤᠶᠤ ᠲᠡᠭᠦᠨ ᠠᠴᠠ ᠳᠡᠭᠡᠭᠰᠢ ᠬᠤᠭᠤᠴᠠᠭ᠎ᠠ | ᠦᠷᠭᠦᠯᠵᠢᠯᠡᠬᠦ ᠶᠢ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 200 ᠪᠤᠶᠤ AQI ᠶᠢᠨ | ᠡᠳᠦᠷ ᠤᠨ ᠳᠤᠮᠳᠠᠴᠢ ᠬᠡᠮᠵᠢᠭᠳᠡᠯ > 150 ᠬᠦᠷᠬᠦ ᠪᠠᠶᠢᠳᠠᠯ 48 ᠴᠠᠭ ᠪᠤᠶᠤ ᠲᠡᠭᠦᠨ ᠠᠴᠠ ᠳᠡᠭᠡᠭᠰᠢ | ᠬᠤᠭᠤᠴᠠᠭ᠎ᠠ ᠦᠷᠭᠦᠯᠵᠢᠯᠡᠬᠦ ᠪᠠᠷ ᠳᠣᠬᠢᠷᠠᠭᠤᠯᠪᠠ᠃ | ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ᠃ ᠵᠢᠱᠢᠯᠲᠡ ᠪᠠᠷ AQI ᠶᠢᠨ ᠡᠳᠦᠷ ᠤᠨ ᠳᠤᠮᠳᠠᠴᠢ | ᠬᠡᠮᠵᠢᠭᠳᠡᠯ > 200 ᠬᠦᠷᠬᠦ ᠪᠠᠶᠢᠳᠠᠯ 3 ᠡᠳᠦᠷ ︵72 ᠴᠠᠭ︶ ᠠᠴᠠ ᠳᠡᠭᠡᠭᠰᠢ ᠬᠤᠭᠤᠴᠠᠭ᠎ᠠ ᠦᠷᠭᠦᠯᠵᠢᠯᠡᠬᠦ ᠶᠢ | ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 200 ᠬᠦᠷᠬᠦ ᠪᠠᠶᠢᠳᠠᠯ 48 ᠴᠠᠭ ᠦᠷᠭᠦᠯᠵᠢᠯᠡᠬᠦ | ᠪᠤᠶᠤ AQI ᠶᠢᠨ ᠡᠳᠦᠷ ᠤᠨ ᠳᠤᠮᠳᠠᠴᠢ ᠬᠡᠮᠵᠢᠭᠳᠡᠯ > 150 ᠬᠦᠷᠬᠦ ᠪᠠᠶᠢᠳᠠᠯ 72 ᠴᠠᠭ ᠪᠤᠶᠤ ᠲᠡᠭᠦᠨ ᠠᠴᠠ | ᠳᠡᠭᠡᠭᠰᠢ ᠬᠤᠭᠤᠴᠠᠭ᠎ᠠ ᠦᠷᠭᠦᠯᠵᠢᠯᠡᠬᠦ ᠪᠠᠷ ᠲᠣᠬᠢᠷᠠᠭᠤᠯᠪᠠ᠃ | ᠤᠯᠠᠭᠠᠨ ᠥᠩᠭᠡ ᠶᠢᠨ ᠰᠡᠷᠡᠮᠵᠢ ᠶᠢᠨ ᠳᠣᠬᠢᠶ᠎ᠠ᠃ ᠵᠢᠱᠢᠯᠲᠡ ᠪᠠᠷ AQI ᠶᠢᠨ ᠡᠳᠦᠷ ᠤᠨ ᠳᠤᠮᠳᠠᠴᠢ | ᠬᠡᠮᠵᠢᠭᠳᠡᠯ > 200 ᠬᠦᠷᠬᠦ ᠪᠠᠶᠢᠳᠠᠯ 4 ᠡᠳᠦᠷ ︵96 ᠴᠠᠭ︶ ᠪᠤᠶᠤ ᠲᠡᠭᠦᠨ ᠠᠴᠠ ᠳᠡᠭᠡᠭᠰᠢ ᠬᠤᠭᠤᠴᠠᠭ᠎ᠠ | ᠦᠷᠭᠦᠯᠵᠢᠯᠡᠬᠦ ᠪᠥᠭᠡᠳ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 300 ᠬᠦᠷᠬᠦ ᠪᠠᠶᠢᠳᠠᠯ | 2 ᠡᠳᠦᠷ ︵48 ᠴᠠᠭ︶ ᠪᠤᠶᠤ ᠲᠡᠭᠦᠨ ᠠᠴᠠ ᠳᠡᠭᠡᠭᠰᠢ ᠬᠤᠭᠤᠴᠠᠭ᠎ᠠ ᠦᠷᠭᠦᠯᠵᠢᠯᠡᠬᠦ ᠶᠢ ᠵᠢᠱᠢᠯᠲᠡ ᠪᠠᠷ AQI | ᠶᠢᠨ ᠡᠳᠦᠷ ᠤᠨ ᠳᠤᠮᠳᠠᠴᠢ ᠬᠡᠮᠵᠢᠭᠳᠡᠯ > 200 ᠬᠦᠷᠬᠦ ᠪᠠᠶᠢᠳᠠᠯ 72 ᠴᠠᠭ ᠦᠷᠭᠦᠯᠵᠢᠯᠡᠬᠦ ᠪᠥᠭᠡᠳ | ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 300 ᠬᠦᠷᠬᠦ ᠪᠠᠶᠢᠳᠠᠯ 24 ᠴᠠᠭ ᠪᠤᠶᠤ ᠲᠡᠭᠦᠨ | ᠠᠴᠠ ᠳᠡᠭᠡᠭᠰᠢ ᠬᠤᠭᠤᠴᠠᠭ᠎ᠠ ᠦᠷᠭᠦᠯᠵᠢᠯᠡᠬᠦ ᠪᠠᠷ ᠲᠣᠬᠢᠷᠠᠭᠤᠯᠪᠠ᠃ | ᠳᠥᠷᠪᠡ᠂ ᠭᠤᠣᠯ ᠠᠭᠤᠯᠭ᠎ᠠ | ︽ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠤᠨ ᠠᠭᠤᠯᠭ᠎ᠠ ᠳᠤ ᠶᠡᠷᠦᠩᠬᠡᠢ ᠳᠦᠷᠢᠮ᠂ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠲᠤᠰᠢᠶᠠᠯ ᠬᠠᠷᠢᠭᠤᠴᠠᠯᠭ᠎ᠠ᠂ ᠬᠢᠨᠠᠨ ᠬᠡᠮᠵᠢᠯᠲᠡ ᠪᠠ ᠰᠡᠷᠡᠮᠵᠢᠯᠡᠭᠦᠯᠦᠯ᠂ | ᠪᠠᠴᠢᠮ ᠪᠠᠶᠢᠳᠠᠯ ᠢ ᠠᠷᠭᠠᠴᠠᠭᠠᠬᠤ᠂ ᠮᠡᠳᠡᠭᠡ ᠵᠠᠩᠭᠢ ᠶᠢ ᠢᠯᠡ ᠪᠣᠯᠭᠠᠬᠤ᠂ ᠳ᠋ᠦᠩᠨᠡᠵᠦ ᠦᠨᠡᠯᠡᠬᠦ᠂ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠬᠠᠷᠢᠭᠤᠴᠠᠯᠭ᠎ᠠ ᠨᠡᠬᠡᠮᠵᠢᠯᠡᠬᠦ᠂ ᠳᠠᠭᠠᠯᠳᠤᠭᠤᠯᠤᠭᠰᠠᠨ ᠳᠦᠷᠢᠮ ᠵᠡᠷᠭᠡ 9 | ᠲᠠᠯ᠎ᠠ ᠶᠢ ᠪᠠᠭᠲᠠᠭᠠᠨ᠎ᠠ᠃ | ︵ᠨᠢᠭᠡ︶ ᠶᠡᠷᠦᠩᠬᠡᠢ ᠳᠦᠷᠢᠮ᠃ ᠲᠣᠭᠲᠠᠭᠠᠭᠰᠠᠨ ᠵᠣᠷᠢᠯᠭ᠎ᠠ᠂ ᠦᠨᠳᠦᠰᠦᠯᠡᠯ᠂ ᠬᠡᠷᠡᠭᠯᠡᠬᠦ ᠬᠡᠪᠴᠢᠶ᠎ᠡ᠂ | ᠠᠵᠢᠯ ᠤᠨ ᠵᠠᠷᠴᠢᠮ᠂ ᠪᠡᠯᠡᠳᠬᠡᠯ ᠲᠥᠰᠥᠯ ᠤᠨ ᠰᠢᠰᠲ᠋ᠧᠮᠵᠢ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠲᠤᠰᠢᠶᠠᠯ ᠬᠠᠷᠢᠭᠤᠴᠠᠯᠭ᠎ᠠ᠃ | ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ᠂ ᠣᠷᠣᠨ ᠨᠤᠲᠤᠭ ᠤᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠪᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠰᠢᠰᠲ᠋ᠧᠮᠵᠢ ᠶᠢᠨ | ᠪᠦᠷᠢᠯᠳᠦᠯ ᠪᠠ ᠲᠤᠰᠢᠶᠠᠯ ᠬᠠᠷᠢᠭᠤᠴᠠᠯᠭ᠎ᠠ ᠶᠢ ᠳᠣᠪᠤᠶᠢᠯᠭᠠᠪᠠ᠃ | ︵ᠭᠤᠷᠪᠠ︶ ᠬᠢᠨᠠᠨ ᠬᠡᠮᠵᠢᠯᠲᠡ ᠪᠠ ᠰᠡᠷᠡᠮᠵᠢᠯᠡᠭᠦᠯᠦᠯ᠃ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠪᠠ | ᠵᠥᠪᠳᠡᠯᠴᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠪᠠ᠃ ᠰᠡᠷᠡᠮᠵᠢᠯᠡᠭᠦᠯᠦᠯ ᠳᠤ ᠲᠡᠰ ᠬᠤᠪᠢᠶᠠᠬᠤ᠂ | ᠰᠡᠷᠡᠮᠵᠢᠯᠡᠭᠦᠯᠦᠯ ᠢ ᠬᠢᠨᠠᠨ ᠵᠥᠪᠰᠢᠶᠡᠷᠡᠬᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ᠂ ᠰᠡᠷᠡᠮᠵᠢ ᠶᠢᠨ | ᠳᠣᠬᠢᠶᠠᠨ ᠤ ᠲᠡᠰ ᠢ ᠲᠣᠬᠢᠷᠠᠭᠤᠯᠬᠤ ᠪᠠ ᠬᠦᠴᠦᠨ ᠦᠭᠡᠢ ᠪᠣᠯᠭᠠᠬᠤ ᠵᠡᠷᠭᠡ ᠬᠠᠮᠢᠶ᠎ᠠ ᠪᠦᠬᠦᠢ ᠠᠭᠤᠯᠭ᠎ᠠ ᠶᠢ | ᠪᠠᠭᠲᠠᠭᠠᠨ᠎ᠠ᠃ | ︵ᠳᠥᠷᠪᠡ︶ ᠪᠠᠴᠢᠮ ᠪᠠᠶᠢᠳᠠᠯ ᠢ ᠠᠷᠭᠠᠴᠠᠭᠠᠬᠤ᠃ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠳᠤ ᠲᠡᠰ | ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ | ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠭᠠᠬᠤ ᠬᠤᠯᠪᠤᠭᠠᠯᠠᠨ ᠬᠥᠳᠡᠯᠦᠯᠴᠡᠬᠦ᠂ ᠣᠷᠣᠨ ᠪᠦᠰᠡ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠭᠠᠬᠤ ᠢ ᠡᠴᠦᠰᠯᠡᠭᠦᠯᠬᠦ ᠵᠡᠷᠭᠡ ᠬᠠᠮᠢᠶ᠎ᠠ | ᠪᠦᠬᠦᠢ ᠠᠭᠤᠯᠭ᠎ᠠ ᠪᠠᠭᠲᠠᠨ᠎ᠠ᠃ | ︵ᠲᠠᠪᠤ︶ ᠮᠡᠳᠡᠭᠡ ᠵᠠᠩᠭᠢ ᠶᠢ ᠢᠯᠡ ᠪᠣᠯᠭᠠᠬᠤ᠃ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠦᠯᠦᠯᠲᠡ ᠪᠠ | ᠵᠠᠷᠯᠠᠯ᠂ ᠰᠣᠨᠢᠨ ᠮᠡᠳᠡᠭᠡ ᠨᠡᠶᠢᠲᠡᠯᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠢ ᠲᠣᠭᠲᠠᠭᠠᠪᠠ᠃ | ︵ᠵᠢᠷᠭᠤᠭ᠎ᠠ︶ ᠳ᠋ᠦᠩᠨᠡᠵᠦ ᠦᠨᠡᠯᠡᠬᠦ᠃ ᠬᠤᠲᠠ ᠶᠢᠨ ᠵᠢᠯᠤᠭᠤᠳᠬᠤ ᠭᠠᠵᠠᠷ ᠤᠨ ᠠᠯᠪᠠᠨ ᠭᠡᠷ ᠠᠴᠠ ᠡᠯ᠎ᠡ | ᠭᠡᠰᠢᠭᠦᠨ ᠨᠢᠭᠡᠴᠢ ᠶᠢᠨ ᠬᠠᠷᠢᠭᠤᠴᠠᠯᠭᠠᠲᠠᠨ᠂ ᠲᠤᠰᠬᠠᠢ ᠮᠡᠷᠭᠡᠵᠢᠯᠲᠡᠳ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ | ᠲᠣᠰ ᠤᠳᠠᠭᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠶᠠᠪᠤᠴᠠ ᠵᠢᠴᠢ | ᠠᠷᠭᠠᠴᠠᠭᠠᠭᠰᠠᠨ ᠦᠷ᠎ᠡ ᠪᠦᠲᠦᠮᠵᠢ ᠳᠤ ᠳ᠋ᠦᠩᠨᠡᠯᠲᠡ ᠬᠢᠬᠦ᠂ ᠣᠷᠣᠰᠢᠵᠤ ᠪᠠᠶᠢᠭ᠎ᠠ ᠠᠰᠠᠭᠤᠳᠠᠯ ᠢ ᠦᠨᠡᠯᠡᠬᠦ ᠵᠡᠷᠭᠡ | ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠢ ᠲᠣᠭᠲᠠᠭᠠᠪᠠ᠃ | ︵ᠳᠣᠯᠤᠭ᠎ᠠ︶ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠃ ᠵᠠᠷᠤᠳᠠᠯ ᠤᠨ ᠪᠠᠲᠤᠯᠠᠭ᠎ᠠ᠂ ᠡᠩᠨᠡᠭᠡᠨ ᠤ | ᠪᠠᠲᠤᠯᠠᠭ᠎ᠠ᠂ ᠠᠮᠤᠷ ᠲᠦᠪᠰᠢᠨ ᠤ ᠪᠠᠲᠤᠯᠠᠭ᠎ᠠ᠂ ᠤᠷᠢᠳᠴᠢᠯᠠᠨ ᠰᠡᠷᠡᠮᠵᠢᠯᠡᠭᠦᠯᠵᠦ ᠮᠡᠳᠡᠭᠳᠡᠬᠦ ᠴᠢᠳᠠᠪᠤᠷᠢ ᠶᠢᠨ | ᠪᠠᠲᠤᠯᠠᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠪᠠ᠃ | ︵ᠨᠠᠢᠮᠠ︶ ᠬᠠᠷᠢᠭᠤᠴᠠᠯᠭ᠎ᠠ ᠨᠡᠬᠡᠮᠵᠢᠯᠡᠬᠦ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ | ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠨᠢᠭᠡᠴᠢ ᠶᠢᠨ ᠬᠦᠨᠳᠦ | ᠪᠣᠬᠢᠷᠲᠤᠯ ᠲᠠᠢ ᠴᠠᠭ ᠠᠭᠤᠷ ᠢ ᠰᠡᠷᠡᠮᠵᠢᠯᠡᠭᠦᠯᠬᠦ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ | ᠴᠢᠩᠭ᠎ᠠ ᠬᠢᠨᠠᠨ ᠬᠠᠮᠢᠶᠠᠷᠬᠤ ᠶᠢᠨ ᠬᠠᠮᠲᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠵᠡᠷᠭᠡ ᠬᠠᠮᠢᠶ᠎ᠠ ᠪᠦᠬᠦᠢ | ᠠᠭᠤᠯᠭ᠎ᠠ ᠶᠢ ᠲᠣᠳᠣᠷᠬᠠᠶᠢᠯᠠᠪᠠ᠃ | ︵ᠶᠢᠰᠦ︶ ᠳᠠᠭᠠᠯᠳᠤᠭᠤᠯᠤᠭᠰᠠᠨ ᠳᠦᠷᠢᠮ᠃ ᠲᠥᠰᠥᠯ ᠤᠨ ᠬᠠᠮᠢᠶᠠᠷᠤᠯᠲᠠ᠂ ᠲᠥᠰᠥᠯ ᠤᠨ ᠤᠬᠠᠭᠤᠯᠭ᠎ᠠ᠂ | ᠲᠥᠰᠥᠯ ᠤᠨ ᠰᠣᠷᠢᠯᠲᠠ᠂ ᠲᠥᠰᠥᠯ ᠤᠨ ᠳᠠᠩᠰᠠᠯᠠᠯᠲᠠ ᠪᠠ ᠲᠥᠰᠥᠯ ᠢ ᠬᠡᠷᠡᠭᠵᠢᠭᠦᠯᠬᠦ ᠴᠠᠭ ᠵᠡᠷᠭᠡ ᠬᠤᠯᠪᠣᠭᠳᠠᠯ | ᠪᠦᠬᠦᠢ ᠠᠭᠤᠯᠭ᠎ᠠ ᠶᠢ ᠲᠣᠳᠣᠷᠬᠠᠶᠢᠯᠠᠪᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ | ᠲᠠᠶᠢᠯᠤᠮᠵᠢ ᠬᠢᠭᠰᠡᠨ ᠨᠢ᠄ ᠬᠤ᠋ ᠢᠦᠢ ᠵᠠᠩ᠂ ᠬᠠᠷᠢᠯᠴᠠᠬᠤ ᠤᠲᠠᠰᠤ᠄ 0471-4617882 |