︽ᠠᠵᠢᠯᠴᠢᠨ︾ ᠤ ᠬᠠᠶᠢᠷ᠎ᠠ ᠬᠠᠯᠠᠮᠵᠢ ᠬᠡᠦᠬᠡᠳ ᠤᠨ ᠰᠡᠳᠬᠢᠯ ᠢ ᠳᠤᠯᠠᠭᠠᠴᠠᠭᠤᠯᠵᠤ  ᠰᠠᠬᠢᠨ ᠬᠠᠮᠠᠭᠠᠯᠠᠵᠤ ᠢᠷᠡᠭᠡᠳᠦᠢ ᠳᠤ ᠲᠡᠮᠡᠦᠯᠦᠨ᠎ᠡ
ᠨᠡᠶᠢᠲᠡᠯᠡᠭᠰᠡᠨ ᠴᠠᠭ᠄
2024/5/28
     ᠪᠠᠶᠠᠷ ᠬᠦᠷ ᠪᠢᠯᠬᠠᠮ᠎ᠠ ︽6·1︾  ᠤ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 5 ᠳ᠋ᠤᠭᠠᠷ ᠰᠠᠷ᠎ᠠ ᠶᠢᠨ 27  ᠤ ᠡᠳᠦᠷ᠂ ︽ᠠᠵᠢᠯᠴᠢᠨ︾  ᠤ ᠬᠠᠶᠢᠷ᠎ᠠ ᠬᠠᠯᠠᠮᠵᠢ ᠬᠡᠦᠬᠡᠳ ᠤᠨ ᠰᠡᠳᠬᠢᠯ ᠢ ᠳᠤᠯᠠᠭᠠᠴᠠᠭᠤᠯᠵᠤ᠂ ᠰᠠᠬᠢᠨ ᠬᠠᠮᠠᠭᠠᠯᠠᠵᠤ ᠢᠷᠡᠭᠡᠳᠦᠢ ᠳᠤ ᠲᠡᠮᠡᠦᠯᠦᠨ᠎ᠡ ᠭᠡᠬᠦ ᠪᠠᠷ ᠭᠤᠣᠯ ᠰᠡᠳᠦᠪ ᠪᠣᠯᠭᠠᠭᠰᠠᠨ ︽6·1︾  ᠤ ᠬᠠᠨᠳᠢᠪᠯᠡᠬᠤ ᠠᠵᠢᠯᠯᠠᠭ᠎ᠠ ᠰᠢᠶᠠᠨ ᠤ ᠴᠧᠩ ᠭᠤᠸᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠬᠦᠷ ᠬᠥᠭᠵᠢᠶᠡᠨ ᠲᠠᠢ ᠶᠠᠪᠤᠭᠳᠠᠪᠠ᠃ ᠨᠢᠭᠡ ᠪᠦᠯᠦᠭ ᠣᠨᠴᠠᠭᠠᠶ ︽ᠨᠠᠶᠢᠵᠠ ᠨᠠᠷ︾ ᠨᠢ ᠬᠡᠦᠬᠡᠳ ᠤᠳ ᠲᠤ ᠬᠠᠯᠠᠭᠤᠨ ᠳᠤᠯᠠᠭᠠᠨ ᠪᠠᠶᠠᠷ ᠤᠨ ᠡᠳᠦᠷ ᠤᠨ ᠪᠡᠯᠡᠭ ᠬᠦᠷᠭᠡᠵᠦ᠂ ᠬᠡᠦᠬᠡᠳ ᠲᠠᠢ ᠪᠠᠨ ᠬᠠᠮᠲᠤ ᠨᠢᠭᠡᠨ ᠮᠠᠷᠲᠠᠭᠳᠠᠰᠢ ᠦᠭᠡᠢ ᠬᠠᠯᠠᠭᠤᠨ ᠳᠤᠯᠠᠭᠠᠨ ᠬᠡᠦᠬᠡᠳ ᠤᠨ ᠪᠠᠶᠠᠷ ᠢ ᠥᠩᠭᠡᠷᠡᠭᠦᠯᠵᠡᠢ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠡᠮᠡᠭᠲᠡᠢ ᠠᠵᠢᠯᠲᠠᠨ ᠠᠵᠢᠯᠴᠢᠨ ᠤ ᠬᠡᠯᠲᠡᠰ ᠤᠨ ᠬᠢᠨ ᠬᠤᠲᠠ ᠶᠢᠨ ᠪᠣᠭᠤᠮᠲᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠬᠡᠦᠬᠡᠳ ᠤᠳ ᠲᠤ ᠪᠢᠴᠢᠭ ᠤᠨ ᠪᠣᠭᠴᠣ᠂ ᠪᠢᠴᠢᠭ ᠤᠨ ᠬᠡᠷᠡᠭᠰᠡᠯ ᠵᠡᠷᠭᠡ ᠰᠤᠷᠤᠯᠭ᠎ᠠ ᠶᠢᠨ ᠬᠡᠷᠡᠭᠰᠡᠯ ᠢ ᠬᠦᠷᠭᠡᠨ ᠥᠭᠴᠦ᠂ ᠨᠠᠮ ᠤᠨ ᠬᠠᠶᠢᠷ᠎ᠠ ᠬᠠᠯᠠᠮᠵᠢ ᠪᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠥᠷᠭᠡᠨ ᠣᠯᠠᠨ ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠳᠡᠷᠭᠡᠳᠡ ᠬᠦᠷᠭᠡᠵᠦ᠂ ᠥᠷᠭᠡᠨ ᠤᠯᠠᠨ ᠠᠵᠢᠯᠲᠠᠨ ᠠᠵᠢᠯᠴᠢᠨ ᠤ ᠦᠷ᠎ᠡ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠵᠤ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠬᠤ ᠪᠠᠷ ᠴᠢᠷᠮᠠᠶᠢᠵᠤ᠂ ᠡᠨᠡᠬᠦ ᠪᠡᠯᠡᠭ ᠨᠢ ᠬᠡᠦᠬᠡᠳ ᠤᠳ ᠤᠨ ᠬᠡᠦᠬᠡᠳ ᠤᠨ ᠪᠠᠶᠠᠷ ᠢ ᠨᠡᠩ ᠤᠳᠬ᠎ᠠ ᠠᠭᠤᠯᠭ᠎ᠠ ᠲᠠᠢ᠂ ᠨᠡᠩ ᠪᠠᠶᠠᠷ ᠪᠠᠶᠠᠰᠬᠤᠯᠠᠩ ᠲᠠᠢ ᠥᠩᠭᠡᠷᠡᠭᠦᠯᠪᠠ᠃
     ︽ᠪᠠᠭᠠᠴᠤᠳ ᠬᠦᠰᠡᠯ ᠵᠣᠷᠢᠭ ᠲᠠᠢ ᠪᠣᠯᠪᠠᠰᠤ ᠤᠯᠤᠰ ᠭᠦᠷᠦᠨ ᠬᠦᠰᠡᠯ ᠡᠷᠡᠮᠡᠯᠵᠡᠯ ᠲᠠᠢ ᠪᠣᠯᠣᠮᠤᠢ᠂ ᠪᠠᠭᠠᠴᠤᠳ ᠬᠦᠴᠦᠷᠬᠡᠭᠵᠢᠪᠡᠯ ᠤᠯᠤᠰ ᠭᠦᠷᠦᠨ ᠬᠦᠴᠦᠷᠬᠡᠭᠵᠢᠨ᠎ᠡ︾᠃ ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠬᠡᠦᠬᠡᠳ ᠲᠤ ᠬᠠᠶᠢᠷ᠎ᠠ ᠬᠠᠯᠠᠮᠵᠢ ᠪᠠ ᠬᠠᠶᠢᠷ᠎ᠠ ᠬᠠᠯᠠᠮᠵᠢ ᠶᠢ ᠭᠦᠢᠴᠡᠳ ᠳᠠᠮᠵᠢᠭᠤᠯᠬᠤ ᠶᠢᠨ ᠬᠠᠮᠲᠤ ᠲᠡᠳᠡᠨ ᠤ ᠬᠦᠰᠡᠯ ᠵᠡᠭᠦᠳᠦ ᠪᠠᠨ ᠵᠣᠷᠢᠭᠲᠠᠢ ᠪᠠᠷ ᠬᠥᠭᠡᠭᠡᠴᠡᠯᠳᠦᠵᠦ᠂ ᠰᠠᠶᠢᠨ ᠰᠠᠶᠢᠬᠠᠨ ᠢᠷᠡᠭᠡᠳᠦᠢ ᠪᠠᠨ ᠬᠠᠮᠲᠤ ᠪᠠᠷ ᠴᠣᠭᠴᠠᠯᠠᠨ ᠪᠠᠶᠢᠭᠤᠯᠬᠤ ᠶᠢ ᠵᠣᠷᠢᠭᠵᠢᠭᠤᠯᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1