︵ᠰᠤᠷᠪᠤᠯᠵᠢᠯᠠᠭᠴᠢ ᠭᠧᠩ ᠰᠢᠨ︶ 5 ᠳ᠋ᠤᠭᠠᠷ ᠰᠠᠷ᠎ᠠ ᠶᠢᠨ 28 ᠤ ᠡᠳᠦᠷ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠡᠰᠡᠭ ᠪᠠᠶᠢᠩᠭᠤ ᠶᠢᠨ ᠬᠤᠷᠢᠶᠠᠨ ᠤ ᠭᠡᠰᠢᠭᠦᠨ᠂ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠭᠡᠰᠢᠭᠦᠨ ᠪᠠ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠪᠦᠷᠢᠯᠳᠦᠭᠦᠨ ᠪᠣᠯᠭᠠᠭᠰᠠᠨ ᠰᠢᠨᠵᠢᠯᠡᠨ ᠪᠠᠶᠢᠴᠠᠭᠠᠬᠤ | ᠳᠤᠭᠤᠶᠢᠯᠠᠩ ᠪᠠᠶᠢᠭᠤᠯᠵᠤ᠂ ᠮᠠᠨ ᠤ ᠬᠤᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ | ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠰᠢᠨᠵᠢᠯᠡᠨ | ᠪᠠᠶᠢᠴᠠᠭᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠡᠩ ᠲᠡᠷᠢᠭᠦᠨ ᠳᠤ ᠰᠠᠭᠤᠳᠠᠯ ᠤᠨ ᠬᠤᠷᠠᠯ ᠬᠤᠷᠠᠯᠳᠤᠭᠤᠯᠵᠤ᠂ | ᠬᠤᠳᠠ ᠶᠢᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠤᠳᠠ ᠶᠢᠨ ᠵᠠᠰᠠᠭ ᠤᠨ ᠣᠷᠳᠣᠨ ᠤ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠮᠢᠩᠭᠠᠨ ᠲᠦᠮᠡᠨ ᠺᠢᠯᠣᠸᠠᠲ ᠤᠨ ᠲᠡᠰ ᠤᠨ | ᠰᠠᠯᠬᠢ ᠭᠡᠷᠡᠯ ᠤᠨ ᠰᠢᠨ᠎ᠡ ᠡᠨᠧᠷᠭᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷᠴᠢᠯᠡᠭᠰᠡᠨ | ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠪᠣᠬᠢᠷᠲᠤᠯ ᠦᠭᠡᠢ ᠴᠠᠬᠢᠯᠭᠠᠨ ᠨᠣᠭᠤᠭᠠᠨ | ᠦᠨᠡᠮᠯᠡᠯ ᠤᠨ ᠠᠷᠠᠯᠵᠢᠶᠠᠨ ᠤ ᠦᠢᠯᠡᠴᠢᠯᠡᠭᠡ ᠵᠡᠷᠭᠡ ᠪᠠᠶᠢᠳᠠᠯ ᠤᠨ ᠲᠣᠭᠤᠷᠢᠨ ᠳᠤ ᠰᠠᠨᠠᠯ ᠰᠠᠨᠠᠭᠤᠯᠭ᠎ᠠ ᠪᠠᠨ | ᠰᠣᠯᠢᠯᠴᠠᠪᠠ᠃ ᠬᠤᠷᠠᠯ ᠤᠨ ᠳᠠᠷᠠᠭ᠎ᠠ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠭᠤᠤ ᠳ᠋ᠧᠩ ᠰᠠᠢ | ᠡᠨᠧᠷᠭᠢ ᠶᠢᠨ ᠷᠦᠨ ᠶᠠ ᠴᠠᠬᠢᠯᠭᠠᠨ ᠭᠤᠣᠯ ᠵᠢᠴᠢ PACK ᠦᠢᠯᠡᠳᠬᠦ ᠰᠠᠭᠤᠷᠢᠨ ᠤ ᠲᠦᠷᠦᠯ ᠵᠦᠢᠯ᠂ | ᠬᠤᠳᠠ ᠶᠢᠨ ᠵᠢᠮᠳᠤ ᠵᠠᠮ ᠬᠠᠷᠢᠯᠴᠠᠭᠠᠨ ᠤ 1 ᠳ᠋ᠦ᠋ᠭᠡᠷ ᠱᠤᠭᠤᠮ ᠤᠨ ᠭᠤᠷᠪᠠᠨ ᠪᠠᠶᠢᠰᠢᠩ ᠤᠨ ᠲᠡᠷᠭᠡᠨ ᠤ ᠬᠡᠰᠡᠭ ᠤᠨ | ᠲᠠᠷᠬᠠᠮᠠᠯ ᠬᠡᠯᠪᠡᠷᠢ ᠶᠢᠨ ᠭᠡᠷᠡᠯ ᠴᠠᠬᠢᠯᠭᠠᠨ ᠤ ᠲᠦᠷᠦᠯ ᠵᠦᠢᠯ ᠤᠨ ᠭᠠᠵᠠᠷ ᠬᠦᠷᠴᠦ ᠲᠤᠬᠠᠢ ᠶᠢᠨ ᠭᠠᠵᠠᠷ ᠲᠤᠨᠢ | ᠰᠢᠨᠵᠢᠯᠡᠨ ᠪᠠᠶᠢᠴᠠᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠠᠵᠤ ᠦᠢᠯᠡᠰ ᠤᠨ | ᠬᠥᠭᠵᠢᠯᠲᠡ ᠶᠢᠨ ᠪᠠᠶᠢᠷᠢᠰᠢᠭᠤᠯᠤᠯᠲᠠ ᠵᠢᠴᠢ ᠠᠵᠤ ᠠᠬᠤᠶᠢᠯᠠᠯ ᠤᠨ ᠨᠣᠭᠤᠭᠠᠨ ᠴᠠᠬᠢᠯᠭᠠᠨ ᠢ ᠰᠢᠩᠭᠡᠭᠡᠬᠦ᠂ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠵᠡᠷᠭᠡ ᠲᠠᠯ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠨ ᠤᠳᠤᠷᠢᠳᠬᠤ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ | ᠲᠣᠬᠢᠷᠠᠭᠤᠯᠬᠤ ᠪᠠᠨ ᠴᠢᠩᠭᠠᠳᠬᠠᠵᠤ᠂ ᠤᠯᠤᠰ ᠲᠦᠷᠦ ᠶᠢ ᠡᠷᠬᠢᠮᠯᠡᠬᠦ ᠥᠨᠳᠥᠷ ᠠᠴᠠ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ | ᠬᠡᠷᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠪᠦᠬᠦ ᠲᠠᠯ᠎ᠠ ᠪᠠᠷ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠢ᠃ ᠠᠵᠢᠯ ᠤᠨ ᠠᠷᠭ᠎ᠠ | ᠬᠡᠮᠵᠢᠶ᠎ᠡ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠲᠥᠰᠥᠯ ᠤᠨ ᠬᠠᠷᠠᠯᠲᠠ ᠱᠠᠭᠠᠷᠳᠠᠯᠭ᠎ᠠ ᠶᠣᠰᠣᠭᠠᠷ᠂ | ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ | ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠦᠨᠡᠨ ᠢ ᠪᠠᠷᠢᠮᠲᠠᠯᠠᠨ ᠠᠬᠢᠭᠤᠯᠵᠤ᠂ | ᠭᠤᠣᠯᠳᠠᠯᠭ᠎ᠠ ᠲᠠᠢ ᠠᠭᠤᠯᠭ᠎ᠠ ᠶᠢ ᠴᠢᠩᠭ᠎ᠠ ᠠᠳᠬᠤᠨ᠂ ᠪᠣᠳᠠᠲᠠᠢ ᠲᠥᠷᠥᠯ ᠵᠦᠢᠯ ᠢ ᠪᠣᠳᠠᠲᠠᠢ ᠠᠳᠬᠤᠵᠤ᠂ ᠡᠯ᠎ᠡ | ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠮᠥᠷᠳᠡᠨ ᠬᠢᠨᠠᠯᠲᠠ ᠲᠠᠯᠪᠢᠬᠤ ᠶᠢ ᠰᠠᠶᠢᠲᠤᠷ ᠬᠢᠵᠦ᠂ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ | ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠢᠨᠠᠯᠲᠠ ᠲᠠᠯᠪᠢᠬᠤ ᠪᠣᠳᠠᠲᠤ ᠦᠷ᠎ᠡ | ᠪᠦᠲᠦᠮᠵᠢ ᠶᠢ ᠴᠢᠩᠭᠠᠷᠠᠭᠤᠯᠤᠨ᠂ ᠭᠤᠣᠯᠳᠠᠯᠭ᠎ᠠ ᠲᠠᠢ ᠠᠵᠢᠯ ᠢ ᠰᠢᠮᠳᠠᠭᠤᠯᠤᠨ ᠨᠠᠷᠢᠯᠢᠭ ᠪᠣᠳᠠᠲᠠᠶᠢᠵᠢᠭᠤᠯᠵᠤ᠂ | ᠮᠠᠨ ᠤ ᠬᠤᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠪᠥᠬᠦ ᠬᠦᠴᠦᠨ ᠢᠶᠠᠷ ᠢᠶᠠᠨ | ᠦᠢᠯᠡᠴᠢᠯᠡᠬᠦ ᠬᠡᠷᠡᠭᠲᠡᠢ ᠭᠡᠵᠡᠢ᠃ |