︽ᠲᠠ ︿ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ﹀ ᠶᠢᠨ ᠴᠣᠩᠬᠤᠪᠴᠢ ᠶᠢᠨ | ᠲᠤᠬᠠᠢ ᠶᠢᠨ ᠲᠠᠯᠠᠪᠤᠷ ᠲᠤ ᠠᠰᠠᠭᠤᠳᠠᠯ ᠢᠶᠠᠨ ᠲᠤᠰᠬᠠᠵᠤ ᠪᠣᠯᠣᠨ᠎ᠠ᠂ ᠪᠢᠳᠡ ᠪᠣᠳᠠᠲᠠᠢ ᠪᠠᠶᠢᠳᠠᠯ ᠢ ᠦᠨᠳᠦᠰᠦᠯᠡᠨ | ᠵᠣᠬᠢᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠤᠨ ᠱᠠᠭᠠᠷᠳᠠᠵᠤ ᠪᠠᠶᠢᠭᠠᠳ ᠵᠦᠢ ᠵᠣᠬᠢᠰᠲᠠᠢ | ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠭᠦᠯᠦᠨ᠎ᠡ︾᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠬᠡᠬᠤᠲᠠ ᠶᠢᠨ ᠴᠢᠩ ᠱᠦᠢ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ᠂ ᠠᠵᠢᠯᠲᠠᠳ | ᠯᠠᠪᠯᠠᠬᠤ ᠪᠠᠷ ᠢᠷᠡᠭᠰᠡᠨ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠲᠠᠶᠢᠯᠪᠤᠷᠢᠯᠠᠵᠤ ᠪᠠᠶᠢᠯ᠎ᠠ᠃ | ᠣᠶᠢᠷ᠎ᠠ ᠳᠤ᠂ ᠴᠢᠩ ᠱᠦᠢ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠪᠴᠢ ᠭᠠᠷᠭᠠᠵᠤ᠂ ᠬᠤᠳᠠᠯᠳᠤᠭ᠎ᠠ | ᠡᠷᠭᠢᠯᠡᠬᠦ ᠣᠷᠴᠢᠨ ᠲᠣᠭᠤᠷᠢᠨ ᠳᠠᠬᠢ ᠡᠯ᠎ᠡ ᠵᠦᠢᠯ ᠤᠨ ᠡᠪᠡᠷᠰᠢᠶᠡᠯ᠂ ᠲᠦᠭᠵᠢᠷᠡᠯ ᠪᠠ ᠬᠦᠴᠢᠷ ᠠᠰᠠᠭᠤᠳᠠᠯ ᠢ ᠦᠨᠡᠨ | ᠬᠦ ᠰᠢᠢᠳᠪᠦᠷᠢᠯᠡᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ | ᠨᠡᠶᠢᠭᠡᠮ ᠳᠠᠶᠠᠭᠠᠷ ᠢ ᠬᠥᠲᠥᠯᠥᠨ ᠵᠢᠯᠤᠭᠤᠳᠴᠤ ᠪᠠᠶᠢᠭᠠᠳ ᠢᠲᠡᠭᠡᠯ ᠢ ᠰᠠᠬᠢᠵᠤ ᠠᠮᠠᠯᠠᠯᠲᠠ ᠶᠢ ᠨᠢ ᠪᠡᠶᠡᠯᠡᠭᠦᠯᠵᠦ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠳᠤ ᠬᠤᠪᠢ ᠨᠡᠮᠡᠷᠢ ᠦᠵᠡᠭᠦᠯᠪᠡ᠃ | ᠣᠶᠢᠯᠠᠭᠠᠭᠰᠠᠨ ᠢᠶᠠᠷ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ | ᠴᠣᠩᠬᠤᠪᠴᠢ ᠨᠢ ᠭᠤᠣᠯᠳᠠᠭᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠳᠠᠯᠳᠤᠨ ᠠᠪᠬᠤ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ | ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠳᠡᠮᠵᠢᠯᠭᠡ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠡᠷᠭᠡ ᠬᠦᠷᠢᠶᠡᠨ ᠳᠠᠬᠢ ᠠᠮᠠᠯᠠᠯᠲᠠ ᠶᠢᠨ ᠵᠦᠢᠯᠡᠰ ᠤᠨ ᠪᠣᠯᠵᠤᠭ᠎ᠠ | ᠠᠴᠠ ᠵᠥᠷᠢᠴᠡᠵᠦ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ᠵᠠᠭᠠᠯᠳᠤᠯᠭ᠎ᠠ ᠶᠢ ᠭᠥᠯᠢᠶᠡᠨ ᠠᠪᠴᠤ | ᠰᠢᠢᠳᠪᠦᠷᠢᠯᠡᠨ᠎ᠡ᠂ ᠭᠥᠯᠢᠶᠡᠨ ᠠᠪᠤᠭᠰᠠᠨ ᠵᠠᠭᠠᠯᠳᠤᠯᠭ᠎ᠠ ᠶᠢᠨ ᠰᠦᠪᠡᠭᠴᠢ ᠶᠢ ᠴᠠᠭ ᠲᠤᠬᠠᠢ ᠳᠤᠨᠢ ᠵᠠᠭᠠᠯᠳᠤᠭᠳᠠᠭᠰᠠᠨ | ᠭᠤᠣᠯ ᠴᠣᠭᠴᠠ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠤᠳᠤᠷᠢᠳᠤᠯᠭ᠎ᠠ ᠳᠤ | ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃ | ᠴᠣᠩᠬᠤᠪᠴᠢ ᠪᠠᠷ ᠵᠠᠭᠠᠯᠳᠤᠬᠤ ᠠᠷᠭ᠎ᠠ ᠵᠠᠮ ᠤᠨ ᠰᠠᠭᠠᠳ ᠦᠭᠡᠢ ᠪᠥᠭᠡᠳ ᠥᠨᠳᠥᠷ ᠪᠦᠲᠦᠮᠵᠢᠲᠡᠶ | ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠴᠢᠩ ᠱᠦᠢ ᠾᠧ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠠᠴᠠ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠠᠵᠢᠯ ᠤᠨ | ᠡᠬᠡ ᠲᠠᠩᠰᠠ ᠪᠠᠶᠢᠭᠤᠯᠬᠤ ᠪᠠᠷ ᠳᠠᠮᠵᠢᠭᠤᠯᠤᠨ᠂ ᠵᠠᠭᠠᠯᠳᠤᠯᠭ᠎ᠠ ᠶᠢᠨ ᠠᠰᠠᠭᠤᠳᠠᠯ ᠢ ᠲᠥᠷᠥᠯ ᠬᠤᠪᠢᠶᠠᠨ | ᠰᠢᠯᠵᠢᠭᠦᠯᠦᠨ ᠰᠢᠢᠳᠪᠦᠷᠢᠯᠡᠭᠦᠯᠬᠦ ᠪᠠ ᠴᠡᠭᠴᠡᠯᠡᠨ ᠥᠭᠡᠷᠡᠴᠢᠯᠡᠵᠦ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠵᠠᠭᠠᠯᠳᠤᠯᠭ᠎ᠠ ᠶᠢᠨ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠤᠳᠤᠯᠤᠨ ᠮᠠᠭᠠᠳᠯᠠᠵᠤ | ᠵᠠᠳᠠᠯᠤᠯᠲᠠ ᠬᠢᠵᠦ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠢᠳᠡᠪᠬᠢᠲᠡᠢ ᠪᠠᠷ | ᠵᠣᠯᠭᠠᠭᠤᠯᠤᠨ᠂ ᠰᠢᠯᠵᠢᠭᠦᠯᠦᠨ ᠰᠢᠢᠳᠪᠦᠷᠢᠯᠡᠭᠦᠯᠬᠦ ᠠᠵᠢᠯ ᠢ ᠨᠠᠷᠢᠯᠢᠭ ᠣᠨᠣᠴᠠᠲᠠᠢ ᠪᠠᠷ ᠪᠡᠶᠡᠯᠡᠭᠦᠯᠪᠡ᠃ | | | | | ᠡᠭᠦᠨ ᠠᠴᠠ ᠭᠠᠳᠠᠨ᠎ᠠ᠂ ᠨᠢᠭᠡᠨᠲᠡ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠭᠠᠯᠳᠤᠯᠭ᠎ᠠ ᠶᠢᠨ ᠠᠰᠠᠭᠤᠳᠠᠯ ᠢ | ᠴᠢᠩ ᠱᠦᠢ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠤᠨ ᠬᠤᠷᠢᠶᠠᠩᠭᠤᠶᠢᠯᠠᠵᠤ᠂ ᠵᠠᠭᠠᠯᠳᠤᠯᠭ᠎ᠠ ᠶᠢᠨ ᠠᠬᠢᠴᠠ ᠶᠢ ᠴᠠᠭ ᠲᠤᠬᠠᠢ ᠳᠤᠨᠢ | ᠠᠵᠤ ᠠᠬᠤᠶᠢᠯᠠᠯ ᠳᠤ ᠬᠠᠷᠢᠭᠤ ᠲᠤᠰᠬᠠᠵᠤ᠂ ᠠᠵᠤ ᠠᠬᠤᠶᠢᠯᠠᠯ ᠤᠨ ᠵᠠᠭᠠᠯᠳᠤᠯᠭ᠎ᠠ ᠶᠢᠨ ᠱᠠᠭᠠᠷᠳᠠᠯᠭ᠎ᠠ ᠳᠤ ᠴᠥᠮ | ᠬᠠᠷᠢᠭᠤᠯᠲᠠ ᠥᠭᠬᠦ ᠶᠢ ᠦᠨᠡᠨ ᠬᠦ ᠪᠠᠲᠤᠯᠠᠨ᠎ᠠ᠃ | ︽ᠪᠢᠳᠡ ︿ᠴᠣᠩᠬᠤᠪᠴᠢ﹀ ᠶᠢᠨ ︿ᠶᠡᠭᠡ ᠦᠢᠯᠡᠳᠦᠯ﹀ ᠢ ᠭᠦᠢᠴᠡᠳ ᠪᠠᠳᠠᠷᠠᠭᠤᠯᠵᠤ᠂ ᠪᠠᠶᠢᠩᠭᠤᠵᠢᠭᠰᠠᠨ᠂ | ᠰᠢᠰᠲ᠋ᠧᠮᠵᠢᠭᠰᠡᠨ᠂ ᠪᠥᠬᠦ ᠬᠡᠯᠬᠢᠶᠡᠵᠢᠭᠰᠡᠨ᠂ ᠥᠨᠳᠥᠷ ᠦᠷ᠎ᠡ ᠪᠦᠲᠦᠮᠵᠢ ᠲᠠᠢ ᠦᠨᠡᠨᠴᠢ ᠢᠲᠡᠭᠡᠮᠵᠢᠲᠡᠢ ᠪᠠᠷ | ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ | ᠪᠠᠶᠢᠭᠤᠯᠵᠤ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ︿ᠲᠠ ᠰᠠᠨᠠᠭ᠎ᠠ ᠠᠮᠤᠷ | ᠪᠠᠶᠢᠭᠠᠷᠠᠢ﹀ ᠡᠵᠡᠩᠨᠡᠯᠲᠡ ᠶᠢᠨ ᠣᠷᠴᠢᠨ ᠠᠬᠤᠢ ᠶᠢᠨ ᠦᠢᠯᠡᠴᠢᠯᠡᠭᠡᠨ ᠤ ᠨᠠᠷᠠᠲᠤ ᠲᠡᠮᠳᠡᠭ ᠢ ᠦᠷᠭᠦᠯᠵᠢᠯᠡᠨ | ᠭᠡᠷᠡᠯᠲᠦᠭᠦᠯᠦᠨ᠎ᠡ︾᠃ ᠭᠡᠵᠦ ᠴᠢᠩ ᠱᠦᠢ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠬᠠᠷᠢᠭᠤᠴᠠᠯᠭᠠᠲᠠᠨ ᠢᠯᠡᠳᠬᠡᠪᠡ᠃ | |