ᠴᠢᠩ ᠱᠦᠢ ᠾᠧ ᠰᠢᠶᠠᠨ ᠤ ᠬᠤᠩ ᠾᠧ ᠪᠠᠯᠭᠠᠰᠤᠨ ᠤ ᠵᠢᠦᠢ ᠪᠦᠦ ᠵᠤᠸᠠᠩ ᠲᠣᠰᠬᠤᠨ ᠤ ᠢᠩᠲᠣᠣᠷ | ᠲᠠᠷᠢᠬᠤ ᠰᠠᠭᠤᠷᠢᠨ ᠤ ᠮᠧᠢ ᠽᠣᠣ ᠢᠩᠲᠣᠣᠷ ᠵᠢᠮᠢᠰ ᠰᠠᠭᠤᠬᠤ ᠬᠤᠭᠤᠴᠠᠭᠠᠨ ᠳᠠᠭᠠᠨ ᠣᠷᠣᠬᠤ ᠪᠠᠷ ᠪᠤᠢ᠂ ᠤᠳᠤ | ᠢᠩᠲᠣᠣᠷ ᠲᠠᠷᠢᠬᠤ ᠬᠦᠯᠡᠮᠵᠢ 62 ᠪᠠᠶᠢᠵᠤ᠂ 100 ᠭᠠᠷᠤᠢ ᠮᠦ ᠭᠠᠵᠠᠷ ᠢ ᠡᠵᠡᠯᠡᠵᠦ᠂ 5 ᠳ᠋ᠤᠭᠠᠷ ᠰᠠᠷ᠎ᠠ ᠶᠢᠨ | ᠰᠡᠭᠦᠯᠴᠢ ᠠᠴᠠ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠬᠦ ᠪᠣᠯᠣᠨ᠎ᠠ᠃ | ᠴᠢᠩ ᠱᠦᠢ ᠾᠧ ᠰᠢᠶᠠᠨ ᠤ ᠬᠤᠩ ᠾᠧ ᠪᠠᠯᠭᠠᠰᠤ ᠶᠢᠨ ᠵᠢᠦᠢ ᠪᠦᠦ ᠵᠤᠸᠠᠩ ᠲᠣᠰᠬᠤᠨ ᠲᠠᠷᠢᠶᠠᠴᠢᠳ ᠢ | ᠬᠥᠲᠥᠯᠥᠨ ᠵᠢᠯᠤᠭᠤᠳᠴᠤ ᠢᠩᠲᠣᠣᠷ᠂ ᠦᠵᠦᠮ᠂ ᠠᠮᠲᠠᠲᠤ ᠬᠡᠮᠬᠡ ᠲᠠᠷᠢᠬᠤ ᠪᠠᠷ ᠭᠤᠣᠯ ᠪᠣᠯᠭᠠᠭᠰᠠᠨ ᠰᠣᠳᠣᠨ | ᠲᠠᠷᠢᠶᠠᠯᠠᠩ ᠢ ᠬᠥᠭᠵᠢᠭᠦᠯᠵᠦ᠂ ᠬᠦᠯᠡᠮᠵᠢ ᠶᠢᠨ ᠠᠵᠤ ᠠᠬᠤᠢ ᠪᠠᠷ ᠭᠤᠣᠯ ᠪᠣᠯᠭᠠᠭᠰᠠᠨ ᠵᠢᠮᠢᠰ ᠢᠳᠡᠰᠢᠨ | ᠨᠣᠭᠤᠭ᠎ᠠ ᠶᠢᠨ ᠲᠦᠷᠦᠯ ᠲᠡᠮᠳᠡᠭ ᠢ ᠠᠯᠬᠤᠮ ᠠᠯᠬᠤᠮ ᠢᠶᠠᠷ ᠪᠦᠷᠢᠯᠳᠦᠭᠦᠯᠵᠡᠢ᠃ ᠡᠭᠦᠨ ᠤ ᠵᠡᠷᠭᠡ ᠳᠤ᠂ ︽ᠣᠬᠤᠷ | ᠹᠢᠯᠢᠮ + ᠰᠢᠭᠤᠳ ᠨᠡᠪᠲᠡᠷᠡᠭᠦᠯᠭᠡ + ᠲᠡᠭᠦᠬᠦ︾ ᠲᠠᠷᠢᠶᠠᠯᠠᠩ ᠢ ᠲᠤᠰᠠᠯᠠᠬᠤ ᠰᠢᠨ᠎ᠡ ᠵᠠᠭᠪᠤᠷ ᠢ ᠨᠡᠭᠡᠭᠡᠵᠦ᠂ ᠲᠢᠺ | ᠲᠣᠺ᠂ ᠺᠤᠸᠠᠢ ᠱᠸᠦ ᠵᠡᠷᠭᠡ ᠠᠯᠪᠠᠨ ᠤ ᠵᠠᠭᠤᠴᠢᠯᠠᠭᠤᠷ ᠤᠨ ᠰᠦᠯᠵᠢᠶᠡᠨ ᠤ ᠲᠠᠪᠴᠠᠩ ᠳᠤ ᠰᠢᠭᠤᠳ ᠨᠡᠪᠲᠡᠷᠡᠭᠦᠯᠦᠨ | ᠤᠬᠠᠭᠤᠯᠤᠨ ᠲᠠᠨᠢᠯᠴᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠬᠦᠴᠦᠯᠡᠨ᠂ | ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠳᠤ ᠬᠦᠴᠦᠨ ᠨᠡᠮᠡᠷᠢᠯᠡᠵᠦ᠂ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠳᠤ ᠬᠦᠴᠦᠨ ᠨᠡᠮᠡᠷᠢᠯᠡᠵᠦ᠂ ᠢᠩᠲᠣᠣᠷ ᠤᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠢ ᠨᠡᠭᠡᠭᠡᠬᠦ ᠳᠤ | ᠬᠠᠮᠲᠤ ᠪᠠᠷ ᠬᠦᠴᠦᠨ ᠨᠡᠮᠡᠷᠢᠯᠡᠵᠤ ᠪᠣᠢ᠃ |