ᠶᠣᠣ ᠭᠧᠦ ᠰᠢᠶᠠᠩ ᠤᠨ ᠯᠢᠦ ᠴᠢᠩ ᠲᠣᠰᠬᠤᠨ᠄ ᠰᠣᠶᠣᠯ ᠤᠨ ᠠᠮᠢ ᠠᠬᠤᠢ ᠶᠢᠨ ︽ᠵᠢᠵᠢᠭ ᠦᠵᠡᠮᠵᠢ ︾ ᠶᠢ ᠪᠣᠶ ᠪᠣᠯᠭᠠᠵᠤ ᠬᠥᠳᠡᠭᠡ ᠲᠣᠰᠬᠤᠨ ᠤ ᠵᠢᠭᠤᠯᠴᠢᠯᠠᠯ ᠤᠨ ︽ᠰᠢᠨ᠎ᠡ ᠠᠮᠢᠵᠢᠷᠠᠯ ᠤᠨ ᠬᠦᠴᠦᠨ︾ ᠢ ᠬᠥᠭᠵᠢᠭᠡᠨ᠎ᠡ
ᠨᠡᠶᠢᠲᠡᠯᠡᠭᠰᠡᠨ ᠴᠠᠭ᠄
2024/5/31
     ︽ᠡᠨᠡ ᠬᠤᠲᠠ ᠳᠤ ᠡᠳᠦᠢ ᠵᠢᠯ ᠠᠮᠢᠳᠤᠷᠠᠭᠠᠳ᠂ ᠭᠡᠷ ᠤᠨ ᠡᠭᠦᠳᠡᠨ ᠳᠤ ᠡᠶᠢᠮᠦ ᠰᠠᠶᠢᠬᠠᠨ ᠦᠵᠡᠮᠵᠢ ᠲᠠᠢ ᠪᠠᠶᠢᠭᠰᠠᠨ ᠢ ᠶᠡᠷᠦ ᠠᠴᠠ ᠮᠡᠳᠡᠳᠡᠭ ᠦᠭᠡᠢ︾ ᠭᠡᠳᠡᠭ ᠪᠣᠯ ᠡᠨᠡ ᠵᠢᠯ ᠤᠨ ᠲᠠᠪᠤᠨ ᠰᠠᠷ᠎ᠠ ᠶᠢᠨ ᠨᠢᠭᠡᠨ ᠤ ᠠᠯᠲᠠᠨ ᠭᠠᠷᠠᠭ ᠤᠨ ᠬᠤᠭᠤᠴᠠᠭᠠᠨ ᠳᠤ᠂ ᠸᠢᠳᠢᠤ᠋ ᠪᠠᠷ ᠲᠠᠲᠠᠭᠳᠠᠵᠤ ᠯᠢᠦ ᠴᠢᠩ ᠤᠨ ᠬᠠᠲᠤᠨ ᠭᠤᠣᠯ ᠤᠨ ᠦᠵᠡᠮᠵᠢ ᠶᠢᠨ ᠲᠠᠶᠢᠰᠠᠨ ᠳᠤ ᠵᠢᠭᠤᠯᠴᠢᠯᠠᠵᠤ ᠢᠷᠡᠭᠰᠡᠨ ᠣᠯᠠᠩᠬᠢ ᠵᠤᠭᠠᠴᠠᠭᠰᠠᠳ ᠤᠨ ᠦᠷᠭᠦᠯᠵᠢ ᠬᠡᠯᠡᠳᠡᠭ ᠦᠭᠡ ᠪᠣᠯᠣᠨ᠎ᠠ᠃      ᠯᠢᠦ ᠴᠢᠩ ᠲᠣᠰᠬᠤᠨ ᠪᠣᠯ ᠬᠠᠲᠤᠨ ᠭᠤᠣᠯ ᠤᠨ ᠵᠡᠭᠦᠨ ᠡᠷᠭᠢ ᠳᠤ ᠪᠠᠶᠢᠷᠢᠯᠠᠵᠤ᠂ ᠶᠡᠷᠦᠩᠬᠡᠢ ᠲᠠᠯᠠᠪᠠᠢ ᠨᠢ 20 ᠲᠡᠭᠰᠢ ᠳᠥᠷᠪᠡᠯᠵᠢᠨ ᠺᠢᠯᠤᠮᠥᠲᠷ ᠪᠣᠯᠣᠨ᠎ᠠ᠃ ᠪᠠᠶᠢᠩᠭᠤ ᠰᠠᠭᠤᠭ᠎ᠠ ᠬᠥᠮᠥᠨ ᠠᠮᠠ 168 ᠡᠷᠦᠬᠡ 342 ᠬᠥᠮᠥᠨ ᠪᠠᠶᠢᠨ᠎ᠠ᠃ ᠣᠶᠢᠷ᠎ᠠ ᠶᠢᠨ ᠵᠢᠯ ᠠᠴᠠ᠂ ᠶᠣᠣ ᠭᠧᠦ ᠰᠢᠶᠠᠩ ᠤᠨ ᠬᠢᠨ ᠯᠢᠦ ᠴᠢᠩ ᠲᠣᠰᠬᠤᠨ ᠳᠤ︽ᠰᠣᠶᠣᠯ + ᠠᠮᠢ ᠠᠬᠤᠢ︾ ᠶᠢᠨ ᠵᠤᠭᠠᠴᠠᠯ ᠤᠨ ᠬᠥᠭᠵᠢᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠠᠳᠤᠨ ᠭᠤᠣᠯ ᠳᠠᠭᠠᠤ ᠶᠢᠨ ᠵᠤᠭᠠᠴᠠᠯ ᠤᠨ ᠺᠠᠷᠲᠠᠯᠠᠬᠤ᠂ ᠡᠷᠲᠡᠨ ᠤ ᠰᠢ ᠵᠦᠴᠦᠭᠡ ᠶᠢᠨ ᠲᠠᠶᠢᠰᠠᠨ ᠤ ᠡᠷᠲᠡᠨ ᠤ ᠱᠠᠭᠠᠵᠠᠩ ᠤᠨ ᠤᠭᠤᠷᠬᠠᠢ ᠶᠢᠨ ᠭᠠᠵᠠᠷ ᠤᠨ ᠦᠵᠡᠰᠬᠦᠯᠡᠩ᠂ ᠤᠢ ᠵᠢᠮᠢᠰ ᠤᠨ ᠰᠠᠭᠤᠷᠢᠨ ᠭᠠᠵᠠᠷ ᠤᠨ ᠲᠡᠭᠦᠵᠦ ᠲᠡᠭᠦᠬᠦ ᠵᠡᠷᠭᠡ ᠣᠷᠣᠨ ᠨᠤᠲᠤᠭ ᠤᠨ ᠣᠨᠴᠠᠯᠢᠭ ᠲᠠᠢ ᠬᠥᠳᠡᠭᠡ ᠲᠣᠰᠬᠤᠨ ᠤ ᠵᠤᠭᠠᠴᠠᠯ ᠤᠨ ᠪᠦᠲᠦᠭᠡᠭᠳᠡᠬᠦᠨ ᠢ ᠪᠣᠶᠢᠵᠢᠭᠤᠯᠵᠠᠢ᠃
     ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠪᠠᠷᠢᠮᠲᠠᠯᠠᠨ᠎ᠠ      ︽ᠮᠠᠨ ᠤ ᠲᠣᠰᠬᠤᠨ ᠬᠠᠲᠤᠨ ᠭᠤᠣᠯ ᠤᠨ ᠬᠥᠪᠡᠭᠡᠨ ᠳᠤ ᠪᠠᠶᠢᠨ᠎ᠠ᠂ ᠪᠠᠶᠢᠭᠠᠯᠢ ᠶᠢᠨ ᠣᠷᠴᠢᠨ ᠠᠬᠤᠢ ᠶᠢ ᠦᠨᠡᠬᠡᠷ ᠬᠡᠯᠡᠬᠦ ᠶᠢᠨ ᠠᠷᠭ᠎ᠠ ᠦᠭᠡᠢ᠂ ᠲᠠ ᠨᠠᠷ ᠤᠷᠢᠳ ᠢᠶᠠᠷ ᠬᠤᠢ ᠹᠠᠩ ᠶᠣᠣ ᠸᠠᠭᠠᠷ ᠱᠠᠭᠠᠵᠠᠩ ᠤᠨ ᠦᠵᠡᠰᠬᠦᠯᠡᠩ ᠤᠨ ᠣᠷᠳᠣᠨ ᠳᠤ ᠣᠴᠢᠵᠤ ᠲᠣᠭᠤᠷᠢᠨ ᠦᠵᠡ᠂ ᠬᠥᠭᠦᠷᠭᠡᠨ ᠵᠠᠮ ᠢᠶᠠᠷ ᠨᠠᠭᠠᠰᠢ ᠴᠠᠭᠠᠰᠢ ᠶᠠᠪᠤᠵᠤ᠂ ᠵᠠᠮ ᠲᠤᠵᠢ ᠥᠩᠭᠡ ᠦᠵᠡᠮᠵᠢ ᠲᠠᠢ᠂ ᠬᠠᠷᠠᠩᠭᠤᠢ ᠪᠣᠯᠬᠤ ᠦᠶ᠎ᠡ ᠳᠤ ᠲᠠᠷᠢᠶᠠᠴᠢᠨ ᠠᠶᠢᠯ ᠤᠨ ᠵᠤᠭᠠᠴᠠᠯ ᠤᠨ ᠭᠠᠵᠠᠷ ᠲᠤ ᠬᠠᠲᠤᠨ ᠭᠤᠣᠯ ᠤᠨ ᠵᠢᠷᠭᠠᠬᠤ ᠨᠡᠷᠡᠨ ᠳᠤ ᠬᠠᠲᠤᠨ ᠭᠤᠣᠯ ᠤᠨ ᠵᠢᠭᠠᠰᠤ ᠢᠳᠡᠬᠦ ᠶᠢ ᠬᠠᠷᠠᠵᠤ ᠪᠣᠯᠣᠨ᠎ᠠ︾ ᠭᠡᠵᠡᠢ᠃ ᠯᠢᠦ ᠴᠢᠩ ᠲᠣᠰᠬᠤᠨ ᠤ ᠨᠠᠮ ᠤᠨ ᠡᠭᠦᠷ ᠤᠨ ᠱᠦᠵᠢ ᠯᠢᠦ ᠭᠤᠸᠠᠩ ᡁᠢ ᠵᠤᠭᠠᠴᠠᠭᠰᠠᠳ ᠲᠤ ᠣᠮᠤᠭ ᠪᠠᠭ᠋ᠠᠳᠤᠯᠲᠠᠢ ᠪᠠᠷ ᠲᠠᠨᠢᠯᠴᠠᠭᠤᠯᠪᠠ᠃      ᠣᠶᠢᠷ᠎ᠠ ᠶᠢᠨ ᠵᠢᠯ ᠤᠳ ᠲᠤ ᠶᠣᠣ ᠭᠧᠦ ᠰᠢᠶᠠᠩ ᠤᠨ︽ᠨᠢᠭᠡ ᠰᠢᠶᠠᠩ ᠭᠤᠷᠪᠠᠨ ᠲᠣᠭᠤᠷᠢᠭ ᠳᠦᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠠᠬᠢᠬᠤ ᠶᠢ ᠳᠠᠭᠠᠯᠳᠤᠨ᠂ ᠯᠢᠦ ᠴᠢᠩ ᠲᠣᠰᠬᠤᠨ ᠤ ᠬᠢᠨ ︽ᠵᠢᠵᠢᠭ ᠮᠥᠷᠲᠡᠭᠡᠨ ᠨᠠᠷᠢᠯᠢᠭ︾ᠦᠵᠡᠮᠵᠢ ᠶᠢᠨ ᠣᠷᠣᠨ ᠢ ᠪᠠᠶᠢᠭᠤᠯᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠤᠷ᠎ᠠ ᠪᠠᠷ ᠢᠶᠠᠨ ᠪᠠᠶᠢᠭᠤᠯᠬᠤ ᠦᠭᠡᠢ᠂ ᠪᠦᠷᠢᠯᠭᠡᠨ ᠰᠦᠢᠳᠬᠡᠬᠦ ᠦᠭᠡᠢ ᠪᠠᠶᠢᠵᠤ᠂ ᠤᠤᠯ ᠤᠨ ᠪᠠᠶᠢᠭᠰᠠᠨ ᠰᠠᠭᠤᠷᠢᠨ ᠳᠡᠭᠡᠷ᠎ᠡ ᠲᠡᠰ ᠳᠡᠪᠰᠢᠭᠦᠯᠦᠨ ᠥᠭᠡᠷᠡᠴᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠪᠣᠯᠣᠳ ᠪᠣᠯᠪᠠᠰᠤᠷᠠᠭᠤᠯᠬᠤ 2 ᠵᠤᠤᠬ᠎ᠠ ᠶᠢ ᠰᠡᠯᠪᠢᠨ ᠵᠠᠰᠠᠵᠤ ᠪᠠᠬᠢᠵᠢᠭᠦᠯᠦᠨ᠂ ᠤᠤᠯ ᠤᠨ ᠬᠤᠢ ᠹᠠᠩ ᠶᠣᠣ ᠶᠢᠨ1 ᠵᠤᠤᠬ᠎ᠠ ᠶᠢ ᠰᠡᠯᠪᠢᠨ ᠵᠠᠰᠠᠵᠤ ᠸᠠᠭᠠᠷ ᠱᠠᠭᠠᠵᠠᠩ ᠤᠨ ᠦᠵᠡᠰᠬᠦᠯᠡᠩ ᠤᠨ ᠣᠷᠳᠣᠨ ᠪᠣᠯᠭᠠᠨ ᠥᠭᠡᠷᠡᠴᠢᠯᠡᠵᠦ᠂ ᠲᠣᠰᠬᠤᠨ ᠤ ᠠᠷᠠᠳ 150 ᠭᠠᠷᠤᠢ ᠸᠠᠭᠠᠷ ᠱᠠᠭᠠᠵᠠᠩ ᠤᠨ ᠦᠵᠡᠰᠬᠦᠯᠡᠩ ᠤᠨ ᠪᠣᠳᠠᠰ ᠢ ᠬᠠᠨᠳᠢᠪᠯᠡᠪᠠ᠃ ᠵᠢᠭᠤᠯᠴᠢᠯᠠᠯ ᠤᠨ ᠡᠬᠢ ᠪᠠᠶᠠᠯᠢᠭ ᠡᠳᠦᠷ ᠢᠷᠡᠬᠦᠶ᠎ᠡ ᠪᠠᠶᠠᠯᠢᠭᠵᠢᠬᠤ ᠶᠢ ᠳᠠᠭᠠᠯᠳᠤᠨ᠂ ᠶᠡᠭᠡ ᠬᠡᠮᠵᠢᠶᠡᠨ ᠤ ᠬᠥᠬᠡᠬᠤᠲᠠ ᠶᠢᠨ ᠲᠤᠬᠠᠢ ᠶᠢᠨ ᠭᠠᠵᠠᠷ ᠵᠢᠴᠢ ᠡᠷᠬᠢᠨ ᠲᠣᠭᠤᠷᠢᠨ ᠤ ᠵᠤᠭᠠᠴᠠᠭᠰᠠᠳ ᠬᠦᠷᠦᠯᠴᠡᠨ ᠢᠷᠡᠵᠦ ᠲᠣᠭᠤᠷᠢᠨ ᠵᠤᠭᠠᠴᠠᠵᠤ᠂ ᠡᠷᠬᠢᠨ ᠲᠣᠭᠤᠷᠢᠨ ᠤ ᠲᠣᠰᠬᠤᠨ ᠤ ᠠᠷᠠᠳ ᠲᠤ ︽ᠵᠢᠭᠤᠯᠴᠢᠯᠠᠯ ᠤᠨ ᠠᠰᠠᠷᠠᠮᠵᠢ︾ ᠣᠯᠭᠤᠵᠤ᠂ ᠣᠨᠴᠠᠯᠢᠭᠲᠤ ᠨᠦᠬᠡᠨ ᠭᠡᠷ ᠤᠨ ᠠᠷᠠᠳ ᠤᠨ ᠰᠠᠭᠤᠴᠠ ᠪᠣᠯᠣᠨ ᠵᠢᠮᠢᠰ ᠲᠡᠭᠦᠬᠦ ᠬᠦᠷᠢᠶᠡᠯᠡᠩ ᠤᠨ ᠲᠠᠷᠢᠶᠠᠴᠢᠨ ᠠᠶᠢᠯ ᠤᠨ ᠵᠤᠭᠠᠴᠠᠯ ᠵᠡᠷᠭᠡ ︽ᠵᠢᠭᠤᠯᠴᠢᠯᠠᠯ ᠤᠨ ᠣᠷᠣᠨ ᠰᠠᠭᠤᠴᠠ︾ ᠨᠢ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢᠨ ᠭᠡᠷ ᠪᠦᠯᠢ ᠶᠢᠨ ᠵᠢᠵᠢᠭ ᠬᠦᠷᠢᠶᠡᠯᠡᠩ ᠢ ᠵᠢᠭᠤᠯᠴᠢᠯᠠᠭᠴᠢᠳ ᠤᠨ ᠠᠮᠠᠨ ᠳᠠᠬᠢ ︽ᠪᠤᠯᠬᠠᠳᠠᠴᠠ ᠺᠠᠷᠲᠠᠯᠠᠬᠤ ᠭᠠᠵᠠᠷ︾ ᠪᠣᠯᠭᠠᠵᠤ᠂ ᠲᠣᠰᠬᠤᠨ ᠤ ᠠᠷᠠᠳ ᠲᠤ ︽ᠥᠪᠡᠷ ᠤᠨ ᠭᠡᠷ ᠤᠨ ᠡᠭᠦᠳᠡᠨ ᠳᠤ︾ ᠠᠵᠢᠯ ᠣᠯᠵᠤ ᠵᠣᠭᠤᠰ ᠮᠥᠩᠭᠦ ᠣᠯᠭᠤᠵᠠᠢ᠃
     ᠰᠣᠶᠣᠯ ᠢᠶᠠᠷ ᠵᠢᠭᠤᠯᠴᠢᠯᠠᠯ ᠢ ᠱᠤᠭᠤᠬᠤ ᠶᠢ ᠪᠠᠷᠢᠮᠲᠠᠯᠠᠨ᠎ᠠ      ᠴᠢᠩ ᠱᠦᠢ ᠾᠧ ᠶᠢᠨ ᠸᠠᠭᠠᠷ ᠱᠠᠭᠠᠵᠠᠩ ᠤᠨ ᠦᠢᠯᠡᠳᠪᠦᠷᠢᠯᠡᠯ ᠣᠲᠣ ᠠᠴᠠ ᠪᠠᠷᠤᠭ 800 ᠵᠢᠯ ᠤᠨ ᠲᠡᠦᠬᠡ ᠲᠠᠢ᠂ ︽ᠳᠤᠮᠳᠠᠳᠤ ᠤᠯᠤᠰ ᠤᠨ ᠸᠠᠭᠠᠷ ᠱᠠᠭᠠᠵᠠᠩ ᠤᠨ ᠲᠡᠦᠬᠡ︾ ᠳᠤ ᠲᠡᠮᠳᠡᠭᠯᠡᠭᠰᠡᠨ ᠢᠶᠠᠷ᠂ ᠴᠢᠩ ᠱᠦᠢ ᠾᠧ ᠪᠣᠯ ᠶᠤᠸᠠᠨ ᠤᠯᠤᠰ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠣᠷ ᠤᠨ ᠭᠠᠭᠴᠠ ᠤᠭᠤᠷᠬᠠᠶ ᠪᠣᠯᠣᠨ᠎ᠠ᠃ ᠤᠰᠤ᠂ ᠰᠢᠷᠣᠢ᠂ ᠨᠡᠭᠦᠷᠡᠰᠦ ᠪᠠᠷ ᠮᠠᠲ᠋ᠧᠷᠢᠶᠠᠯ ᠰᠣᠩᠭᠤᠬᠤ ᠠᠰᠢᠭ ᠲᠠᠢ ᠪᠣᠯᠬᠤᠷ᠂ ᠸᠠᠭᠠᠷ ᠱᠠᠭᠠᠵᠠᠩ ᠤᠨ ᠦᠢᠯᠡᠳᠬᠡᠯ ᠤᠨ ᠭᠠᠯ ᠬᠡᠳᠦᠨ ᠵᠠᠭᠤᠨ ᠵᠢᠯ ᠤᠯᠠᠮᠵᠢᠯᠠᠭᠳᠠᠵᠤ᠂ ᠰᠣᠶᠣᠯ ᠨᠢ ᠬᠡᠳᠦᠨ ᠠᠷᠪᠠᠨ ᠦᠶ᠎ᠡ ᠦᠷᠭᠦᠯᠵᠢᠯᠡᠵᠦ᠂ ᠥᠨᠢ ᠤᠳᠠᠭᠠᠨ ᠤᠯᠠᠮᠵᠢᠯᠠᠯ ᠲᠠᠢ᠂ ᠲᠡᠭᠦᠨ ᠤ ᠭᠠᠷᠤᠯᠲᠠ ᠶᠢᠨ ᠣᠷᠣᠨ ᠤ ᠨᠡᠷ᠎ᠡ ᠶᠢ ᠴᠦ ︽ᠶᠣᠣ ᠭᠧᠦ︾ ᠭᠡᠳᠡᠭ᠂ ᠯᠢᠦ ᠴᠢᠩ ᠼᠦᠨ ᠲᠣᠰᠬᠤᠨ ᠪᠣᠯ ᠨᠡᠩ ᠴᠤ ᠲᠡᠦᠬᠡᠨ ᠳᠡᠭᠡᠷᠡᠬᠢ ᠶᠣᠣ ᠭᠧᠦ ᠰᠢᠶᠠᠩ ᠤᠨ ᠱᠠᠭᠠᠵᠠᠩ ᠡᠳ᠋ᠯᠡᠯ ᠢ ᠭᠠᠳᠠᠭᠰᠢ ᠵᠥᠭᠡᠭᠡᠪᠦᠷᠢᠯᠡᠬᠦ ᠭᠤᠣᠯ ᠣᠯᠣᠮ ᠤᠨ ᠨᠢᠭᠡ ᠨᠢ ᠪᠣᠯᠬᠤ ᠶᠤᠮ᠃      ᠶᠣᠣ ᠭᠧᠦ ᠰᠢᠶᠠᠩ ᠤᠨ ᠬᠢᠨ ᠰᠣᠶᠣᠯ ᠢᠶᠠᠷ ᠵᠢᠭᠤᠯᠴᠢᠯᠠᠯ ᠢ ᠱᠤᠭᠤᠬᠤ ᠶᠢ ᠪᠠᠷᠢᠮᠲᠠᠯᠠᠵᠤ᠂ ᠶᠣᠣ ᠭᠧᠦ ᠶᠢᠨ ᠸᠠᠭᠠᠷ ᠱᠠᠭᠠᠵᠠᠩ ᠤᠨ ᠰᠣᠶᠣᠯ ᠤᠨ ᠡᠬᠢ ᠪᠠᠶᠠᠯᠢᠭ ᠢ ᠭᠦᠨ ᠮᠠᠯᠲᠠᠬᠤ ᠶᠢ ᠪᠠᠷᠢᠮᠲᠠᠯᠠᠵᠤ᠂ ᠬᠤᠢ ᠹᠠᠩ ᠶᠣᠣ ᠸᠠᠭᠠᠷ ᠱᠠᠭᠠᠵᠠᠩ ᠤᠨ ᠦᠵᠡᠰᠬᠦᠯᠡᠩ ᠤᠨ ᠣᠷᠳᠣᠨ ᠢᠶᠠᠷ ᠭᠤᠣᠯ ᠪᠣᠯᠭᠠᠵᠤ᠂ ᠡᠯ᠎ᠡ ᠴᠠᠭ ᠦᠶ᠎ᠡ ᠶᠢᠨ ᠠᠶᠠᠭ᠎ᠠ᠂ ᠲᠠᠪᠠᠭ᠂ ᠫᠸᠡᠭᠰᠠ᠂ ᠰᠠᠪᠠ᠂ ᠪᠤᠳᠤᠩ᠂ ᠭᠠᠩ᠂ ᠮᠠᠨᠳᠠᠯ ᠤᠨ ᠸᠠᠭᠠᠷ ᠱᠠᠭᠠᠵᠠᠩ ᠤᠨ ᠦᠵᠡᠮᠦᠷᠢ ᠶᠢ 200 ᠭᠠᠷᠤᠢ ᠬᠤᠷᠢᠶᠠᠨ ᠡᠮᠬᠢᠳᠬᠡᠵᠦ᠂ ᠸᠠᠭᠠᠷ ᠱᠠᠭᠠᠵᠠᠩ ᠢᠶᠠᠷ ᠲᠡᠦᠬᠡ ᠶᠢ ᠲᠣᠭᠠᠴᠢᠨ ᠥᠭᠦᠯᠡᠵᠡᠢ︔ 83 ᠨᠠᠰᠤᠲᠠᠢ ᠠᠬᠠᠮᠠᠳ ᠸᠠᠭᠠᠷ ᠱᠠᠭᠠᠵᠠᠩ ᠤᠨ ᠤᠷᠠᠯᠢᠭᠴᠢᠨ ᠵᠠᠩ ᠰᠢᠤᠸᠠᠢ᠂ 73 ᠨᠠᠰᠤᠲᠠᠢ ᠠᠬᠠᠮᠠᠳ ᠸᠠᠭᠠᠷ ᠱᠠᠭᠠᠵᠠᠩ ᠤᠨ ᠤᠷᠠᠯᠢᠭᠴᠢᠨ ᠯᠢ ᠮᠠᠨ ᠷᠦ ᠶᠢ ᠲᠣᠭᠲᠠᠮᠠᠯ ᠬᠤᠭᠤᠴᠠᠭ᠎ᠠ ᠲᠠᠢ ᠪᠠᠷ ᠤᠷᠢᠵᠤ ᠬᠤᠢ ᠹᠠᠩ ᠶᠣᠣ ᠸᠠᠭᠠᠷ ᠱᠠᠭᠠᠵᠠᠩ ᠤᠨ ᠦᠵᠡᠰᠬᠦᠯᠡᠩ ᠤᠨ ᠣᠷᠳᠣᠨ ᠳᠤ ᠰᠢᠨ᠎ᠡ ᠨᠢᠭᠡ ᠦᠶ᠎ᠡ ᠶᠢᠨ ᠸᠠᠭᠠᠷ ᠱᠠᠭᠠᠵᠠᠩ ᠤᠨ ᠬᠥᠮᠥᠨ ᠪᠣᠯᠣᠨ ᠵᠤᠭᠠᠴᠠᠭᠰᠠᠳ ᠲᠤ ᠲᠤᠬᠠᠢ ᠶᠢᠨ ᠲᠠᠯᠠᠪᠠᠢ ᠶᠢᠨ ᠸᠠᠭᠠᠷ ᠱᠠᠭᠠᠵᠠᠩ ᠤᠨ ᠬᠥᠭᠵᠢᠯᠲᠡ ᠶᠢᠨ ᠲᠡᠦᠬᠡ ᠪᠣᠯᠣᠨ ᠦᠢᠯᠡᠳᠬᠦ ᠶᠠᠪᠤᠴᠠ ᠶᠢ ᠲᠠᠶᠢᠯᠪᠤᠷᠢᠯᠠᠨ ᠥᠭᠴᠦ᠂ ᠵᠠᠯᠠᠭᠤᠴᠤᠳ ᠤᠨ ᠲᠤᠰ ᠨᠤᠲᠤᠭ ᠤᠨ ᠸᠠᠭᠠᠷ ᠱᠠᠭᠠᠵᠠᠩ ᠤᠨ ᠦᠢᠯᠡᠳᠬᠦ ᠤᠷ᠎ᠠ ᠮᠡᠷᠭᠡᠵᠢᠯ ᠤᠨ ᠤᠷᠮ᠎ᠠ ᠪᠠᠬ᠎ᠠ ᠶᠢ ᠳᠡᠭᠡᠭᠰᠢᠯᠡᠭᠦᠯᠵᠦ᠂ ᠸᠠᠭᠠᠷ ᠱᠠᠭᠠᠵᠠᠩ ᠤᠨ ᠤᠷᠠᠯᠢᠭ ᠤᠨ ᠮᠣᠳᠣ ᠶᠢ ᠡᠭᠦᠷᠢᠳᠡ ᠨᠣᠭᠤᠭᠠᠷᠠᠭᠤᠯᠪᠠ᠃
     ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠎ᠠ      ᠣᠶᠢᠷ᠎ᠠ ᠶᠢᠨ ᠵᠢᠯ ᠠᠴᠠ᠂ ᠶᠣᠣ ᠭᠧᠦ ᠰᠢᠶᠠᠩ ᠤᠨ ᠯᠢᠦ ᠴᠢᠩ ᠲᠣᠰᠬᠤᠨ ᠤ ᠬᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠯᠪᠢᠨ ᠵᠠᠰᠠᠬᠤ ᠶᠢ ᠭᠤᠣᠯᠳᠠᠯᠭ᠎ᠠ ᠲᠠᠢ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ︽ᠬᠠᠳᠤᠨ ᠭᠤᠣᠯ ᠳᠠᠭᠠᠤ ᠶᠢᠨ ᠦᠵᠡᠮᠵᠢ ᠶᠢᠨ ᠪᠦᠰᠡ ᠳᠤ ᠲᠦᠰᠢᠭᠯᠡᠵᠦ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠤᠭᠠᠴᠠᠯ ᠢ ᠬᠥᠲᠥᠯᠥᠨ ᠳᠠᠭᠠᠭᠤᠯᠬᠤ︾ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂ ᠲᠣᠰᠬᠤᠨ ᠤ ᠨᠠᠮ ᠤᠨ ᠡᠭᠦᠷ ᠤᠨ ᠵᠢᠭᠰᠠᠭᠠᠯ ᠤᠨ ᠭᠠᠵᠠᠷ ᠤᠨ ᠣᠶᠢᠷ᠎ᠠ ᠬᠠᠪᠢ ᠳᠤ ᠰᠣᠶᠣᠯ ᠵᠤᠭᠠᠴᠠᠯ ᠤᠨ ᠠᠵᠤ ᠦᠢᠯᠡᠰ ᠢ ᠬᠥᠭᠵᠢᠭᠦᠯᠬᠦ ᠶᠢᠨ ᠬᠠᠮᠲᠤ ᠦᠵᠡᠮᠵᠢ ᠶᠢᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠪᠣᠯᠣᠨ ᠠᠵᠢᠯᠲᠠᠨ ᠢ ᠲᠣᠬᠢᠷᠠᠭᠤᠯᠬᠤ ᠡᠨᠡ ᠬᠤᠶᠠᠷ ᠦᠵᠡᠮᠵᠢ ᠶᠢᠨ ᠣᠷᠣᠨ ᠤ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠨᠠᠮ ᠤᠨ ᠭᠡᠰᠢᠭᠦᠨ ᠺᠠᠳ᠋ᠷᠴᠤᠳ ᠢ︽ᠲᠠᠶᠢᠯᠪᠤᠷᠢᠯᠠᠭᠴᠢ︾ᠪᠣᠯᠭᠠᠵᠤ᠂ ᠪᠠᠭ ᠤᠨ ᠪᠦᠷᠢᠯᠳᠦᠭᠦᠨ ᠢ︽ᠰᠠᠶᠢᠨ ᠳᠤᠷ᠎ᠠ ᠶᠢᠨ ᠠᠵᠢᠯᠯᠠᠭᠴᠢ︾ᠪᠣᠯᠭᠠᠵᠤ᠂ ᠥᠪᠡᠷ ᠤᠨ ᠭᠡᠷ ᠤᠨ ᠢᠶᠠᠨ ᠤᠴᠢᠷ ᠢ ᠶᠠᠷᠢᠵᠤ᠂ ᠬᠤᠯᠠ ᠠᠴᠠ ᠢᠷᠡᠭᠰᠡᠨ ᠵᠣᠴᠢᠨ ᠳᠤ ᠰᠠᠶᠢᠲᠤᠷ ᠦᠢᠯᠡᠴᠢᠯᠡᠪᠠ᠃      ᠯᠢᠦ ᠴᠢᠩ ᠲᠣᠰᠬᠤᠨ ᠤ ᠨᠠᠮ ᠤᠨ ᠡᠭᠦᠷ ᠤᠨ ᠠᠷᠤ ᠳᠤ᠂ 150 ᠮᠦ ᠶᠡᠭᠡ ᠪᠠᠭ᠎ᠠ ᠵᠢᠮᠢᠰ ᠤᠨ ᠤᠢ ᠪᠤᠢ᠂ ᠬᠤᠪᠢ ᠬᠥᠮᠥᠨ ᠤ ᠬᠦᠴᠦᠨ ᠬᠢᠵᠠᠭᠠᠷ ᠲᠠᠢ ᠪᠥᠭᠡᠳ ᠭᠠᠭᠴᠠ ᠰᠠᠭᠤᠷᠢ ᠮᠣᠳᠣᠨ ᠤ ᠠᠰᠢᠭ ᠣᠷᠣᠯᠭ᠎ᠠ ᠥᠨᠳᠥᠷ ᠪᠢᠰᠢ ᠤᠴᠢᠷ ᠠᠴᠠ ᠲᠣᠰᠬᠤᠨ ᠤ ᠠᠷᠠᠳ ᠬᠠᠮᠢᠶᠠᠷᠤᠯᠲᠠ ᠶᠢᠨ ᠲᠠᠯ᠎ᠠ ᠪᠠᠷ ᠶᠠᠳᠠᠷᠠᠭᠠᠳ ᠠᠲᠠᠷᠰᠢᠬᠤ ᠰᠢᠬᠠᠭᠰᠠᠨ ᠪᠠᠶᠢᠨ᠎ᠠ᠃ 2023 ᠣᠨ ᠠᠴᠠ ᠨᠠᠰᠢ᠂ ᠯᠢᠦ ᠴᠢᠩ ᠲᠣᠰᠬᠤᠨ ᠤ ᠬᠢᠨ ᠪᠦᠬᠦ ᠰᠢᠶᠠᠩ ᠤᠨ ᠰᠣᠶᠣᠯ ᠵᠤᠭᠠᠴᠠᠯ ᠤᠨ ᠬᠥᠭᠵᠢᠯᠲᠡ ᠶᠢᠨ ᠰᠡᠳᠬᠢᠴᠡ ᠶᠢ ᠦᠨᠳᠦᠰᠦᠯᠡᠨ ᠲᠥᠪᠯᠡᠷᠡᠭᠦᠯᠦᠨ ᠬᠠᠮᠢᠶᠠᠷᠴᠤ᠂ ᠨᠢᠭᠡᠳᠦᠯᠲᠡᠢ ᠪᠦᠲᠦᠭᠡᠨ ᠪᠠᠶᠢᠭᠤᠯᠵᠤ᠂ ᠲᠣᠰᠬᠤᠨ ᠤ ᠠᠷᠠᠳ ᠬᠤᠪᠢ ᠣᠷᠣᠭᠤᠯᠤᠨ ᠠᠰᠢᠭ ᠬᠤᠪᠢᠶᠠᠷᠢᠯᠠᠵᠤ᠂ ᠬᠠᠢ ᠬᠤᠩ ᠵᠢᠮᠢᠰ᠂ ᠰᠢᠮᠧᠢ᠂ ᠠᠯᠮᠤᠷᠠᠳ ᠠᠯᠢᠮ᠎ᠠ ᠵᠡᠷᠭᠡ ᠣᠨᠴᠠᠯᠢᠭᠲᠤ ᠵᠢᠮᠢᠰ ᠢ ᠲᠠᠷᠢᠵᠦ᠂ ᠰᠣᠨᠢᠷᠬᠠᠬᠤ᠂ ᠲᠡᠭᠦᠬᠦ᠂ ᠵᠤᠭᠠᠴᠠᠨ ᠨᠠᠭᠠᠳᠬᠤ ᠶᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠠᠮᠢ ᠠᠬᠤᠢ ᠶᠢᠨ ᠬᠦᠷᠢᠶᠡᠯᠡᠩ ᠢ ᠪᠠᠶᠢᠭᠤᠯᠵᠤ᠂ ᠤᠳᠤ ᠨᠢᠭᠡᠨᠲᠡ ᠰᠡᠭᠦᠯ ᠬᠤᠷᠢᠶᠠᠬᠤ ᠱᠠᠲᠤᠨ ᠳᠤ ᠣᠷᠣᠵᠤ᠂ ᠵᠢᠱᠢᠯᠲᠡ ᠪᠠᠷ 2024 ᠣᠨ ᠤ ᠰᠡᠭᠦᠯᠴᠢ ᠪᠠᠷ ᠡᠵᠡᠩᠨᠡᠯᠲᠡ ᠳᠤ ᠣᠷᠣᠭᠤᠯᠬᠤ ᠪᠣᠯᠣᠨ᠎ᠠ᠃ ᠲᠣᠰᠬᠤᠨ ᠤ ᠠᠷᠠᠳ ᠯᠢᠦ ᠢᠦᠢ ᠱᠧᠩ ᠤᠨ ᠭᠡᠷ ᠨᠢ ᠶᠠᠭ ᠲᠡᠭᠦᠪᠦᠷᠢ ᠶᠢᠨ ᠬᠦᠷᠢᠶᠡᠯᠡᠩ ᠤᠨ ᠬᠠᠵᠠᠭᠤ ᠳᠠᠬᠢ ᠠᠭᠤᠯᠠᠨ ᠬᠥᠲᠥᠯ ᠳᠤ ᠪᠠᠶᠢᠳᠠᠭ᠂ ᠵᠤᠭᠠᠴᠠᠭᠴᠢ ᠠᠳᠡᠬᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠠᠰᠠᠭᠤᠬᠤ ᠪᠠᠷ ᠥᠩᠭᠡᠷᠡᠬᠦ ᠪᠣᠯᠭᠠᠨ ᠲᠡᠷᠡ᠄︽ᠡᠨᠡ ᠬᠡᠰᠡᠭ ᠪᠣᠯ ᠮᠠᠨ ᠤ ᠯᠢᠦ ᠴᠢᠩ ᠲᠣᠰᠬᠤᠨ ᠤ ᠲᠡᠭᠦᠪᠦᠷᠢ ᠶᠢᠨ ᠬᠦᠷᠢᠶᠡᠯᠡᠩ᠂ ᠦᠵᠡᠮᠵᠢ ᠲᠠᠢ ᠪᠥᠭᠡᠳ ᠵᠢᠮᠢᠰ ᠲᠠᠢ ᠪᠠᠶᠢᠳᠠᠭ᠂ ᠣᠳᠣᠬᠠᠨ ᠳᠤ ᠪᠠᠶᠢᠭᠤᠯᠵᠤ ᠳᠠᠭᠤᠰᠤᠯ᠎ᠠ᠂ ᠵᠢᠯ ᠤᠨ ᠡᠴᠦᠰ ᠲᠤ ᠲᠠ ᠨᠠᠷ ᠲᠦᠷᠦᠯ ᠰᠠᠳᠤᠨ ᠨᠠᠶᠢᠵᠠ ᠨᠥᠬᠦᠳ ᠢᠶᠠᠨ ᠳᠠᠭᠠᠭᠤᠯᠵᠤ ᠢᠷᠡᠵᠤ ᠲᠠ ᠨᠠᠷ ᠢ ᠴᠠᠳᠲᠠᠯ᠎ᠠ ᠢᠳᠡᠭᠦᠯᠵᠦ ᠰᠠᠶᠢᠬᠠᠨ ᠨᠠᠭᠠᠳᠤᠭᠤᠯᠬᠤ ᠶᠢ ᠪᠠᠲᠤᠯᠠᠨ᠎ᠠ︕︾ᠭᠡᠵᠦ ᠬᠠᠯᠠᠭᠤᠮᠰᠤᠭ ᠢᠶᠠᠷ ᠲᠠᠨᠢᠯᠴᠠᠭᠤᠯᠪᠠ᠃      ᠰᠣᠶᠣᠯ ᠢᠶᠠᠷ ᠵᠢᠭᠤᠯᠴᠢᠯᠠᠯ ᠢ ᠱᠤᠭᠤᠬᠤ ᠶᠢ ᠪᠠᠷᠢᠮᠲᠠᠯᠠᠵᠤ᠂ ᠵᠤᠭᠠᠴᠠᠯ ᠢ ᠰᠠᠶᠢᠨ ᠰᠠᠶᠢᠬᠠᠨ ᠠᠮᠢᠳᠤᠷᠠᠯ ᠳᠤ ᠨᠡᠩ ᠰᠠᠶᠢᠨ ᠦᠢᠯᠡᠴᠢᠯᠡᠭᠦᠯᠬᠦ ᠶᠢ ᠪᠠᠷᠢᠮᠲᠠᠯᠠᠵᠤ᠂ ᠶᠣᠣ ᠭᠧᠦ ᠰᠢᠶᠠᠩ ᠤᠨ ᠬᠢᠨ ᠬᠢᠯᠢ ᠶᠢᠨ ᠳᠣᠲᠣᠷᠠᠬᠢ ᠠᠮᠢ ᠠᠬᠤᠢ ᠶᠢᠨ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢ ᠦᠷᠭᠦᠯᠵᠢᠯᠡᠨ ᠡᠮᠬᠢᠯᠡᠵᠦ᠂ ᠰᠡᠯᠡᠭᠦᠴᠡᠨ ᠵᠤᠭᠠᠴᠠᠬᠤ᠂ ᠵᠢᠮᠢᠰ ᠨᠣᠭᠤᠭ᠎ᠠ ᠲᠡᠭᠦᠬᠦ᠂ ᠲᠠᠷᠢᠶᠠᠴᠢᠨ ᠠᠶᠢᠯ ᠤᠨ ᠵᠤᠭᠠᠴᠠᠯ ᠢ ᠬᠦᠯᠢᠶᠡᠨ ᠠᠪᠬᠤ ᠵᠡᠷᠭᠡ ᠲᠦᠷᠦᠯ ᠵᠦᠢᠯ ᠢ ᠬᠠᠳᠤᠨ ᠭᠤᠣᠯ ᠤᠨ ᠶᠡᠭᠡ ᠬᠠᠪᠴᠢᠯ ᠤᠨ ᠯᠣᠣ ᠨᠢᠦ ᠸᠠᠨ ᠤ ᠵᠤᠭᠠᠴᠠᠯ ᠤᠨ ᠣᠷᠣᠨ ᠲᠠᠢ ᠬᠤᠯᠪᠣᠯᠳᠤᠭᠤᠯᠤᠨ ᠱᠤᠭᠤᠮ ᠪᠣᠯᠭᠠᠵᠤ᠂ ᠬᠥᠳᠡᠭᠡ ᠲᠣᠰᠬᠤᠨ ᠤ ᠵᠤᠭᠠᠴᠠᠯ ᠢ ᠦᠨᠡᠨᠬᠦ ᠲᠣᠰᠬᠤᠨ ᠤ ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠪᠣᠯᠭᠠᠨ ᠬᠥᠭᠵᠢᠭᠦᠯᠵᠦ᠂ ᠰᠣᠶᠣᠯ ᠤᠨ ᠬᠠᠮᠠᠭᠠᠯᠠᠯᠲᠠ ᠪᠣᠯᠣᠨ ᠰᠣᠶᠣᠯ ᠵᠤᠭᠠᠴᠠᠯ ᠤᠨ ᠠᠵᠤ ᠦᠢᠯᠡᠰ ᠢ ᠭᠦᠨᠵᠡᠭᠡᠢ ᠠᠭᠤᠰᠤᠯᠴᠠᠭᠤᠯᠤᠭᠰᠠᠨ ᠶᠣᠣ ᠭᠧᠦ ᠶᠢᠨ ᠰᠢᠨ᠎ᠡ ᠬᠠᠭᠤᠳᠠᠰᠤ ᠶᠢ ᠰᠡᠳᠬᠢᠯ ᠲᠠᠯᠪᠢᠨ ᠵᠢᠷᠤᠭᠯᠠᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1